ᠤᠯᠠᠭᠠᠨᠬᠤᠳᠠ ᠰᠢᠯᠢᠳᠡᠭ ᠡᠮᠴᠢᠯᠡᠬᠡᠨ ᠤ ᠡᠬᠢ ᠪᠠᠶᠠᠯᠢᠭ ᠢ ᠲᠤᠷᠤᠬᠰᠢ ᠪᠠᠭᠤᠯᠭᠠᠵᠦ ᠦᠢᠯᠡᠴᠢᠯᠡᠭᠡ ᠶᠢ ᠬᠦᠨᠵᠡᠬᠡᠶᠢᠷᠡᠬᠦᠯᠵᠦ ᠪᠤᠢ
ᠨᠡᠶᠢᠲᠡᠯᠡᠭᠰᠡᠨ ᠴᠠᠭ᠄
2024/6/4
             ᠤᠶᠢᠷ᠎ᠠ ᠳᠤ᠂ ᠤᠯᠠᠭᠠᠨᠬᠤᠳᠠ ᠶᠢᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠨᠢ ︽5 · 19︾ ᠤ ᠲᠡᠯᠡᠬᠡᠢ ᠶᠢᠨ ᠬᠡᠷ ᠪᠦᠯᠢ ᠶᠢᠨ ᠡᠮᠴᠢ ᠶᠢᠨ ᠡᠳᠦᠷ ᠢᠶᠠᠷ ᠠᠵᠠ ᠲᠤᠬᠢᠶᠠᠯ ᠪᠤᠯᠭᠠᠵᠦ᠂ ᠬᠢᠨᠭ᠍ᠭᠠᠨ ᠠᠶᠢᠮᠠᠭ ᠤᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ᠂ ᠤᠯᠠᠭᠠᠨᠬᠤᠳᠠ ᠶᠢᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ᠂ ᠤᠯᠠᠭᠠᠨᠬᠤᠳᠡ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠲᠡᠬᠦᠯᠢᠨ ᠬᠤᠪᠢᠶᠠᠷᠢ ᠬᠤᠷᠢᠶ᠎ᠠ ᠬᠠᠮᠳᠤᠷᠠᠨ ᠠᠯᠪᠠᠨ ᠵᠢᠷᠦᠮ ᠤᠨ ᠡᠮᠴᠢᠯᠡᠬᠡᠨ ᠤ ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃ ᠲᠤᠰ ᠠᠵᠢᠯᠯᠠᠭ᠎ᠠ ᠪᠠᠷ ᠲᠠᠮᠵᠢᠭᠤᠯᠤᠨ ᠰᠢᠯᠢᠳᠡᠭ ᠡᠮᠴᠢᠯᠡᠬᠡᠨ ᠤ ᠡᠬᠢ ᠪᠠᠶᠠᠯᠢᠭ ᠢ ᠦᠨᠳᠦᠰᠦᠨ ᠱᠠᠳᠦᠨ ᠳᠤ ᠪᠠᠭᠤᠯᠭᠠᠵᠦ᠂ ᠠᠶᠢᠮᠠᠭ᠂ ᠬᠤᠳᠠ᠂ ᠦᠨᠳᠦᠰᠦᠨ ᠱᠠᠳᠦᠨ ᠤ ᠭᠤᠷᠪᠠᠨ ᠲᠡᠰ ᠤᠨ ᠡᠮᠴᠢᠯᠡᠬᠡᠨ ᠤ ᠪᠠᠶᠢᠭᠤᠯᠤᠮᠵᠢ ᠬᠤᠯᠪᠤᠭᠠᠯᠠᠨ᠂ ᠠᠶᠢᠮᠠᠭ ᠬᠤᠳᠠ ᠶᠢᠨ ᠲᠤᠰᠬᠠᠢ ᠮᠡᠷᠬᠡᠵᠢᠯᠳᠡᠨ ᠤ ᠪᠦᠯᠬᠦᠮ ᠢ ᠤᠷᠢᠵᠦ ᠡᠷᠡᠬᠦᠯ ᠮᠡᠨᠳᠤ ᠶᠢᠨ ᠵᠢᠯᠤᠭᠤᠳᠤᠯᠭ᠎ᠠ ᠬᠢᠯᠬᠡᠵᠦ ᠂ ᠠᠳᠠᠯᠢ ᠪᠤᠰᠤ ᠬᠦᠮᠦᠰ ᠤᠨ ᠡᠷᠡᠬᠦᠯ ᠮᠡᠨᠳᠤ ᠶᠢᠨ ᠱᠠᠭᠠᠷᠳᠠᠯᠭ᠎ᠠ ᠶᠢ ᠬᠠᠨᠭ᠍ᠭᠠᠵᠦ᠂ ᠦᠨᠳᠦᠰᠦᠨ ᠱᠠᠳᠦᠨ ᠤ ᠡᠮᠴᠢᠯᠡᠬᠡᠨ ᠤ ᠦᠢᠯᠡᠴᠢᠯᠡᠭᠡ ᠶᠢᠨ ︽ᠬᠠᠮᠤᠭ ᠡᠴᠦᠰ ᠤᠨ ᠨᠢᠬᠡ ᠺᠢᠯᠤᠮᠧᠲᠷ︾ ᠢ ᠨᠡᠪᠳᠡᠷᠡᠬᠦᠯᠵᠦ᠂ ᠰᠠᠭᠤᠭᠠᠯᠢ ᠠᠷᠠᠳ ᠤᠨ ᠬᠦᠷᠳᠡᠮᠵᠢ ᠶᠢᠨ ᠲᠦᠷᠦᠭᠳᠡᠯ ᠢ ᠲᠠᠰᠦᠷᠠᠯᠳᠠ ᠦᠬᠡᠢ ᠨᠡᠮᠡᠭᠳᠡᠬᠦᠯᠦᠭᠰᠡᠨ ᠪᠠᠶᠢᠨ᠎ᠠ᠃
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号