︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ ︽ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ︾
ᠨᠡᠶᠢᠲᠡᠯᠡᠭᠰᠡᠨ ᠴᠠᠭ᠄
2024/6/4
    ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 31 ᠤ ᠴᠠᠭᠢᠯᠭᠠᠨ ᠮᠡᠳᠡᠭᠡ  6 ᠰᠠᠷ᠎ᠠ ᠶᠢᠨ 1 ᠤ ᠡᠳᠦᠷ ᠬᠡᠪᠯᠡᠭᠳᠡᠬᠦ 11 ᠳ᠋ᠦ᠋ᠭᠡᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃     ᠵᠣᠬᠢᠶᠠᠯ ᠳᠤ᠂ ᠰᠢᠨ᠎ᠡ ᠴᠠᠭ ᠦᠶ᠎ᠡ ᠳᠤ ᠣᠷᠣᠭᠰᠠᠨ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠯᠢ ᠤᠯᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠢ ᠪᠦᠭᠦ ᠨᠠᠮ ᠪᠦᠭᠦ ᠨᠡᠶᠢᠭᠡᠮ ᠤᠨ ᠬᠠᠮᠲᠤ ᠶᠢᠨ ᠲᠠᠨᠢᠯᠲᠠ ᠪᠠ ᠤᠬᠠᠮᠰᠠᠷᠲᠤ ᠠᠵᠢᠯᠯᠠᠭ᠎ᠠ ᠪᠣᠯᠵᠤ᠂ ᠴᠢᠨᠠᠷ ᠰᠠᠶᠢᠲᠠᠢ ᠬᠥᠭᠵᠢᠯᠲᠡ ᠨᠢ ᠭᠤᠣᠯ ᠭᠦᠭ ᠠᠶᠠᠰ ᠪᠣᠯᠪᠠ᠃ ᠡᠭᠦᠨ ᠤ ᠵᠡᠷᠭᠡ ᠪᠠᠷ᠂ ᠴᠢᠨᠠᠷ ᠰᠠᠶᠢᠲᠠᠢ ᠬᠥᠭᠵᠢᠯᠲᠡ ᠶᠢ ᠬᠦᠯᠢᠶᠡᠰᠦᠯᠡᠬᠦ ᠡᠯᠧᠮᠧᠨ᠋ᠲ ᠪᠠᠰᠠ ᠶᠡᠭᠡ ᠬᠡᠮᠵᠢᠶ᠎ᠡ ᠪᠠᠷ ᠣᠷᠣᠰᠢᠵᠤ ᠪᠠᠶᠢᠨ᠎ᠠ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠡᠨ ᠬᠦ ᠰᠢᠢᠳᠪᠦᠷᠢᠯᠡᠬᠦ ᠬᠡᠷᠡᠭᠲᠡᠢ᠃ ᠪᠢᠳᠡ ᠡᠷᠬᠡᠪᠰᠢ ᠴᠢᠨᠠᠷ ᠰᠠᠶᠢᠲᠠᠢ ᠬᠥᠭᠵᠢᠯᠲᠡ ᠪᠣᠯ ᠰᠢᠨ᠎ᠡ ᠴᠠᠭ ᠦᠶ᠎ᠡ ᠶᠢᠨ ᠬᠠᠲᠠᠭᠤ ᠶᠣᠰᠣ ᠮᠥᠨ ᠭᠡᠳᠡᠭ ᠢ ᠪᠠᠲᠤ ᠴᠡᠭᠡᠵᠢᠯᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠠᠬᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ᠂ ᠭᠦᠨ ᠳᠠᠪᠬᠤᠷᠭ᠎ᠠ ᠶᠢᠨ ᠥᠭᠡᠷᠡᠴᠢᠯᠡᠯᠲᠡ ᠪᠣᠯᠣᠨ ᠥᠨᠳᠥᠷ ᠲᠦᠪᠰᠢᠨ ᠪᠦᠬᠦᠢ ᠨᠡᠭᠡᠭᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠵᠡᠷᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠯᠭᠠᠨ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃     ᠵᠣᠬᠢᠶᠠᠯ ᠳᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ᠃ ᠪᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠭᠡᠬᠦ ᠡᠨᠡ ᠬᠦ ᠤᠬᠠᠭᠳᠠᠬᠤᠨ ᠪᠠ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠡᠨᠡ ᠬᠦ ᠴᠢᠬᠤᠯᠠ ᠶᠡᠭᠡ ᠡᠭᠦᠷᠭᠡ ᠶᠢ ᠳᠤᠷᠠᠳᠤᠨ ᠭᠠᠷᠭᠠᠭᠰᠠᠨ ᠤ ᠭᠤᠣᠯ ᠪᠣᠳᠣᠯᠬᠢᠯᠠᠯ ᠪᠣᠯ᠄ ᠦᠢᠯᠡᠳᠪᠦᠷᠢᠯᠡᠯ ᠤᠨ ᠬᠦᠴᠦᠨ ᠪᠣᠯ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠦᠨᠳᠦᠰᠦᠨ ᠬᠥᠳᠡᠯᠭᠡᠬᠦ ᠬᠦᠴᠦᠨ ᠮᠥᠨ᠂ ᠪᠠᠰᠠ ᠴᠤ ᠠᠯᠢᠪᠠ ᠨᠡᠶᠢᠭᠡᠮ ᠤᠨ ᠬᠤᠪᠢᠰᠤᠯᠲᠠ ᠪᠠ ᠤᠯᠤᠰ ᠲᠦᠷᠦ ᠶᠢᠨ ᠬᠤᠪᠢᠰᠤᠯᠲᠠ ᠶᠢᠨ ᠡᠴᠦᠰ ᠤᠨ ᠰᠢᠯᠲᠠᠭᠠᠨ ᠮᠥᠨ᠃ ᠴᠢᠨᠠᠷ ᠰᠠᠶᠢᠲᠠᠢ ᠬᠥᠭᠵᠢᠯᠲᠡ ᠨᠢ ᠰᠢᠨ᠎ᠡ ᠦᠢᠯᠡᠳᠪᠦᠷᠢᠯᠡᠯ ᠤᠨ ᠬᠦᠴᠦᠨ ᠤ ᠤᠨᠤᠯ ᠢᠶᠠᠷ ᠵᠢᠯᠣᠭᠤᠳᠤᠭᠤᠯᠬᠤ ᠶᠢ ᠱᠠᠭᠠᠷᠳᠠᠵᠤ᠂ ᠬᠠᠷᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠨᠢ ᠦᠢᠯᠡᠳᠦᠯᠭᠡ ᠶᠢᠨ ᠳᠤᠮᠳᠠ ᠨᠢᠭᠡᠨᠲᠡ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠠᠬᠢᠭᠤᠯᠬᠤ ᠬᠦᠴᠦᠨ᠂ ᠲᠤᠯᠭᠠᠭᠤᠷᠢᠯᠠᠬᠤ ᠬᠦᠴᠦᠨ ᠢ ᠪᠦᠷᠢᠯᠳᠦᠭᠦᠯᠵᠦ ᠥᠭᠭᠦᠭᠰᠡᠨ ᠪᠥᠭᠡᠳ ᠢᠯᠡᠷᠡᠭᠦᠯᠦᠭᠰᠡᠨ ᠪᠠᠶᠢᠨ᠎ᠠ᠂ ᠪᠢᠳᠡ ᠤᠨᠤᠯ ᠤᠨ ᠲᠠᠯ᠎ᠠ ᠪᠠᠷ ᠳ᠋ᠦᠩᠨᠡᠵᠦ ᠬᠤᠷᠢᠶᠠᠩᠭᠤᠶᠢᠯᠠᠵᠤ ᠪᠠᠶᠢᠭᠠᠳ ᠰᠢᠨ᠎ᠡ ᠬᠥᠭᠵᠢᠯᠲᠡ ᠶᠢᠨ ᠦᠢᠯᠡᠳᠦᠯᠭᠡ ᠶᠢ ᠵᠢᠯᠣᠭᠤᠳᠤᠭᠤᠯᠬᠤ ᠴᠢᠬᠤᠯᠠᠲᠠᠢ ᠶᠤᠮ᠃ ᠬᠤᠷᠢᠶᠠᠩᠭᠤᠶᠢᠯᠠᠭᠠᠳ ᠬᠡᠯᠡᠪᠡᠯ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠪᠣᠯ ᠰᠢᠨ᠎ᠡ ᠶᠢ ᠡᠭᠦᠳᠬᠦ ᠳᠤ ᠭᠤᠣᠯᠯᠠᠬᠤ ᠦᠢᠯᠡᠳᠦᠯ ᠦᠵᠡᠭᠦᠯᠵᠦ᠂ ᠤᠯᠠᠮᠵᠢᠯᠠᠯᠲᠤ ᠠᠵᠤ ᠠᠬᠤᠢ ᠶᠢᠨ ᠨᠡᠮᠡᠭᠳᠡᠯ ᠤᠨ ᠠᠷᠭ᠎ᠠ ᠮᠠᠶ᠋ᠢᠭ᠂ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠠᠷᠭ᠎ᠠ ᠵᠠᠮ ᠠᠴᠠ ᠠᠩᠭᠢᠵᠢᠷᠠᠵᠤ᠂ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ᠂ ᠥᠨᠳᠥᠷ ᠪᠦᠲᠦᠮᠵᠢᠲᠡᠢ᠂ ᠴᠢᠨᠠᠷ ᠰᠠᠶᠢᠲᠠᠢ ᠣᠨᠴᠠᠯᠢᠭ ᠲᠠᠢ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠳᠤ ᠨᠡᠶᠢᠴᠡᠭᠰᠡᠨ ᠲᠡᠷᠢᠭᠦᠨ ᠤ ᠦᠢᠯᠡᠳᠪᠦᠷᠢᠯᠡᠯ ᠤᠨ ᠬᠦᠴᠦᠨ ᠤ ᠶᠠᠰᠤ ᠴᠢᠨᠠᠷ ᠲᠠᠢ ᠪᠠᠶᠢᠳᠠᠯ ᠪᠣᠯᠣᠨ᠎ᠠ᠃ ᠲᠡᠷᠡ ᠨᠢ ᠮᠡᠷᠭᠡᠵᠢᠯ ᠤᠨ ᠬᠤᠪᠢᠰᠬᠠᠯᠲᠤ ᠴᠢᠨᠠᠷᠲᠠᠢ ᠰᠢᠪᠲᠤᠯᠤᠯᠲᠠ᠂ ᠦᠢᠯᠡᠳᠪᠦᠷᠢᠯᠡᠯ ᠤᠨ ᠡᠯᠧᠮᠧᠨ᠋ᠲ ᠤᠨ ᠰᠢᠨ᠎ᠡ ᠶᠢ ᠡᠭᠦᠳᠬᠦ ᠴᠢᠨᠠᠷᠲᠠᠢ ᠲᠣᠬᠢᠷᠠᠭᠤᠯᠤᠯᠲᠠ᠂ ᠠᠵᠤ ᠦᠢᠯᠡᠰ ᠤᠨ ᠭᠦᠨᠵᠡᠭᠡᠢ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠠᠴᠠ ᠪᠣᠯᠵᠤ ᠪᠤᠶ ᠪᠣᠯᠵᠤ᠂ ᠬᠥᠳᠡᠯᠮᠦᠷᠢᠴᠢᠨ᠂ ᠭᠦᠳᠡᠯᠮᠦᠷᠢ ᠶᠢᠨ ᠬᠡᠷᠡᠭᠰᠡᠯ᠂ ᠭᠦᠳᠡᠯᠮᠦᠷᠢ ᠶᠢᠨ ᠡᠲᠡᠭᠡᠳ ᠵᠢᠴᠢ ᠲᠡᠭᠦᠨ ᠢ ᠰᠢᠯᠢᠳᠡᠭᠵᠢᠭᠦᠯᠦᠨ ᠨᠡᠶᠢᠳᠬᠡᠬᠦ ᠶᠢᠨ ᠦᠰᠦᠷᠦᠯᠲᠡ ᠪᠠᠷ ᠦᠨᠳᠦᠰᠦᠨ ᠠᠭᠤᠯᠤᠭᠳᠠᠬᠤᠨ ᠪᠤᠯᠭᠠᠵᠤ᠂ ᠪᠦᠭᠦ ᠡᠯᠧᠮᠧᠨ᠋ᠲ ᠤᠨ ᠦᠢᠯᠡᠳᠪᠦᠷᠢᠯᠡᠯ ᠤᠨ ᠨᠣᠷᠮ᠎ᠠ ᠶᠢ ᠶᠡᠭᠡ ᠪᠠᠷ ᠳᠡᠭᠡᠭᠰᠢᠯᠡᠭᠦᠯᠭᠦ ᠪᠠᠷ ᠭᠤᠣᠯ ᠪᠡᠯᠭᠡ ᠲᠡᠮᠳᠡᠭ ᠪᠤᠯᠭᠠᠵᠤ᠂ ᠣᠨᠴᠠᠯᠢᠭ ᠨᠢ ᠰᠢᠨ᠎ᠡ ᠶᠢ ᠡᠭᠦᠳᠬᠦ ᠳᠤ ᠪᠠᠶᠢᠵᠤ᠂ ᠵᠠᠩᠭᠢᠯᠠᠭ᠎ᠠ ᠨᠢ ᠴᠢᠨᠠᠷ ᠰᠠᠶᠢᠲᠠᠢ ᠳᠤ ᠪᠠᠶᠢᠵᠤ᠂ ᠮᠥᠨ ᠴᠢᠨᠠᠷ ᠨᠢ ᠲᠡᠷᠢᠭᠦᠨ ᠤ ᠦᠢᠯᠡᠳᠪᠦᠷᠢᠯᠡᠯ ᠤᠨ ᠬᠦᠴᠦᠨ ᠳᠤ ᠪᠤᠶ ᠭᠡᠵᠦ ᠵᠢᠭᠠᠵᠤ ᠭᠠᠷᠭᠠᠪᠠ᠃     ᠵᠣᠬᠢᠶᠠᠯ ᠳᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠢᠯᠡᠷᠬᠡᠢ ᠣᠨᠴᠠᠯᠢᠭ ᠪᠣᠯ ᠰᠢᠨ᠎ᠡ ᠶᠢ ᠡᠭᠦᠳᠬᠦ ᠶᠠᠪᠤᠳᠠᠯ ᠪᠣᠯᠣᠨ᠎ᠠ᠂ ᠡᠭᠦᠨ ᠳᠤ ᠮᠡᠷᠭᠡᠵᠢᠯ ᠪᠣᠯᠣᠨ ᠡᠵᠡᠩᠨᠡᠯᠲᠡ ᠶᠢᠨ ᠭᠡᠯᠪᠡᠷᠢ ᠶᠢᠨ ᠵᠠᠭᠪᠤᠷ ᠤᠨ ᠲᠠᠯ᠎ᠠ ᠶᠢᠨ ᠰᠢᠨ᠎ᠡ ᠶᠢ ᠡᠭᠦᠳᠬᠦ ᠶᠢ ᠪᠠᠭᠲᠠᠭᠠᠬᠤ ᠪᠥᠭᠡᠳ ᠪᠠᠰᠠ ᠬᠠᠮᠢᠶᠠᠷᠤᠯᠲᠠ ᠪᠣᠯᠣᠨ ᠳᠦᠷᠢᠮ ᠤᠨ ᠲᠠᠯ᠎ᠠ ᠶᠢᠨ ᠰᠢᠨ᠎ᠡ ᠶᠢ ᠡᠭᠦᠳᠬᠦ ᠶᠢ ᠪᠠᠭᠲᠠᠭᠠᠨ᠎ᠠ᠃ ᠡᠷᠬᠡᠪᠰᠢ ᠰᠢᠨ᠎ᠡ ᠶᠢ ᠡᠭᠦᠳᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠲᠦᠷᠭᠡᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠢᠭᠡᠳᠦᠭᠡᠷ ᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠬᠤ ᠬᠡᠷᠡᠭᠲᠡᠢ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠨᠢ ᠭᠤᠣᠯᠳᠠᠭᠤ ᠮᠡᠷᠭᠡᠵᠢᠯ ᠤᠨ ᠬᠤᠪᠢᠰᠬᠠᠯᠲᠤ ᠴᠢᠨᠠᠷᠲᠠᠢ ᠰᠢᠪᠲᠤᠯᠤᠯᠲᠠ ᠠᠴᠠ ᠪᠤᠢ ᠪᠣᠯᠤᠭᠰᠠᠨ ᠶᠤᠮ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠨᠢ ᠰᠢᠨ᠎ᠡ ᠠᠵᠤ ᠦᠢᠯᠡᠰ᠂ ᠰᠢᠨ᠎ᠡ ᠬᠡᠪ ᠵᠠᠭᠪᠤᠷ᠂ ᠰᠢᠨ᠎ᠡ ᠬᠥᠳᠡᠯᠭᠡᠬᠦ ᠡᠨᠧᠷᠭᠢ ᠶᠢ ᠪᠤᠢ ᠪᠤᠯᠭᠠᠵᠤ ᠴᠢᠳᠠᠬᠤ ᠪᠥᠭᠡᠳ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠭᠤᠣᠯᠯᠠᠬᠤ ᠬᠦᠴᠦᠨ ᠵᠦᠢᠯ ᠮᠥᠨ᠃ ᠡᠨᠡ ᠨᠢ ᠪᠢᠳᠡᠨ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠢᠯᠠᠩᠭᠤᠶ᠎ᠠ ᠠᠩᠬᠠᠨ ᠤ ᠡᠭᠦᠳᠦᠯᠲᠡ ᠶᠢᠨ ᠴᠢᠨᠠᠷᠲᠠᠢ᠂ ᠴᠢᠨᠠᠷ ᠤᠨ ᠬᠤᠪᠢᠰᠤᠯᠲᠠ ᠶᠢᠨ ᠴᠢᠨᠠᠷᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠬᠦ ᠶᠢ ᠱᠠᠭᠠᠷᠳᠠᠵᠤ ᠪᠠᠶᠢᠨ᠎ᠠ᠃ ᠬᠤᠶᠠᠳᠤᠭᠠᠷ ᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠣᠨᠳᠣᠣᠰᠢᠭᠤᠯᠬᠤ ᠶᠢᠨ ᠢᠯᠡᠷᠡᠬᠦ ᠭᠡᠯᠪᠡᠷᠢ ᠨᠢ ᠰᠢᠨ᠎ᠡ ᠠᠵᠤ ᠦᠢᠯᠡᠰ ᠢ ᠪᠤᠢ ᠪᠤᠯᠭᠠᠵᠤ᠂ ᠠᠵᠤ ᠦᠢᠯᠡᠰ ᠤᠨ ᠭᠦᠨᠵᠡᠭᠡᠢ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠶᠠᠪᠤᠳᠠᠯ ᠪᠣᠯᠣᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠣᠳᠠᠲᠠᠢ ᠠᠵᠤ ᠦᠢᠯᠡᠰ ᠪᠠ ᠠᠵᠤ ᠦᠢᠯᠡᠰ ᠤᠨ ᠬᠡᠯᠬᠢᠶ᠎ᠡ ᠳᠤ ᠴᠠᠭ ᠲᠤᠬᠠᠢ ᠳᠤᠨᠢ ᠬᠡᠷᠡᠭᠯᠡᠵᠦ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠪᠠᠶᠢᠷᠢᠰᠢᠭᠤᠯᠤᠨ ᠪᠠᠶᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠭᠤᠷᠪᠠᠳᠤᠭᠠᠷ ᠲᠤ᠂ ᠬᠥᠭᠵᠢᠯᠲᠡ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠬᠤ ᠬᠡᠷᠡᠭᠲᠡᠢ᠃ ᠪᠣᠬᠢᠷᠳᠤᠯ ᠦᠭᠡᠢ ᠬᠥᠭᠵᠢᠯᠲᠡ ᠪᠣᠯ ᠴᠢᠨᠠᠷ ᠰᠠᠶᠢᠲᠠᠢ ᠬᠥᠭᠵᠢᠯᠲᠡ ᠶᠢᠨ ᠳᠡᠪᠢᠰᠬᠡᠷ ᠥᠩᠭᠡ ᠮᠥᠨ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠲᠤᠰ ᠪᠡᠶ᠎ᠡ ᠨᠢ ᠳᠠᠷᠤᠢ ᠪᠣᠬᠢᠷᠳᠤᠯ ᠦᠭᠡᠢ ᠦᠢᠯᠡᠳᠪᠦᠷᠢᠯᠡᠯ ᠤᠨ ᠬᠦᠴᠦᠨ ᠮᠥᠨ᠃ ᠡᠷᠬᠡᠪᠰᠢ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠬᠥᠭᠵᠢᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠳᠥᠷᠪᠡᠳᠦᠭᠡᠷ ᠲᠤ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠦᠢᠯᠡᠳᠪᠦᠷᠢᠯᠡᠯ ᠤᠨ ᠬᠠᠷᠢᠴᠠᠭ᠎ᠠ ᠶᠢ ᠡᠷᠬᠡᠪᠰᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠱᠠᠭᠠᠷᠳᠠᠯᠭ᠎ᠠ ᠲᠠᠢ ᠵᠣᠬᠢᠴᠠᠭᠤᠯᠬᠤ ᠬᠡᠷᠡᠭᠲᠡᠢ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠡᠷᠬᠡᠪᠰᠢ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠲᠡᠭᠦᠨ ᠲᠠᠢ ᠵᠣᠬᠢᠴᠠᠭᠰᠠᠨ ᠰᠢᠨ᠎ᠡ ᠮᠠᠶ᠋ᠢᠭ ᠤᠨ ᠦᠢᠯᠡᠳᠪᠦᠷᠢᠯᠡᠯ ᠤᠨ ᠬᠠᠷᠢᠴᠠᠭ᠎ᠠ ᠶᠢ ᠪᠤᠢ ᠪᠤᠯᠭᠠᠬᠤ ᠬᠡᠷᠡᠭᠲᠡᠢ᠃ ᠲᠠᠪᠤᠳᠤᠭᠠᠷ ᠲᠤ᠂ ᠴᠢᠳᠠᠪᠤᠷᠢᠲᠠᠨ ᠤ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠬᠡᠷᠡᠭᠲᠡᠢ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠱᠠᠭᠠᠷᠳᠠᠯᠭ᠎ᠠ ᠶᠣᠰᠣᠭᠠᠷ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠰᠠᠶᠢᠨ ᠰᠠᠶᠢᠬᠠᠨ ᠣᠷᠴᠢᠯ ᠢ ᠰᠢᠯᠤᠭᠤᠳᠬᠠᠵᠤ᠂ ᠴᠢᠳᠠᠪᠤᠷᠢᠳᠠᠨ ᠢ ᠬᠥᠮᠥᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ᠂ ᠵᠦᠢ ᠵᠣᠬᠢᠰᠲᠠᠢ ᠰᠢᠯᠵᠢᠭᠦᠯᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠳᠡᠢ ᠭᠡᠵᠦ ᠵᠢᠭᠠᠵᠤ ᠭᠠᠷᠭᠠᠪᠠ᠃    
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号