ᠱᠧᠩᠯᠢ ᠵᠡᠭᠡᠯᠢ ︽ᠠᠨᠠᠷ ᠤᠨ ᠦᠷ᠎ᠠ︾ ᠶᠢᠨ ᠬᠦᠷᠰᠢ ᠵᠡᠷᠭᠡᠯᠡᠳᠡᠭᠡ ᠶᠢᠨ ᠰᠤᠶᠤᠯ ᠤᠨ ᠴᠤᠭᠯᠠᠭᠠᠨ ᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/6/5
      6 ᠰᠠᠷ᠎ᠠ ᠶᠢᠨ 1 ᠤ ᠡᠳᠤᠷ᠂ ᠬᠢᠩᠭᠠᠨ ᠠᠶᠢᠮᠠᠭ ᠤᠨ ᠤᠯᠠᠭᠠᠨᠬᠤᠳᠠ ᠶᠢᠨ ᠱᠧᠩᠯᠢ ᠵᠡᠭᠡᠯᠢ ︽ᠠᠨᠠᠷ ᠤᠨ ᠦᠷ᠎ᠠ︾ ᠶᠢᠨ ᠬᠦᠷᠰᠢ ᠵᠡᠷᠭᠡᠯᠡᠳᠡᠭᠡ ᠶᠢᠨ ᠰᠤᠶᠤᠯ ᠤᠨ ᠴᠤᠭᠯᠠᠭᠠᠨ — ︽6 · 1︾ ᠤ ᠪᠠᠭᠠᠴᠤᠳ ᠤᠨ ᠪᠠᠶᠠᠷ ᠢ ᠪᠠᠶᠠᠷᠯᠠᠨ ᠪᠡᠯᠭᠡᠯᠡᠬᠦ ᠭᠤᠤᠯ ᠰᠡᠳᠤᠪᠳᠤ ᠠᠵᠢᠯᠯᠠᠭ᠎ᠠ ᠦᠷᠨᠢᠬᠦᠯᠪᠡ᠃ ᠲᠤᠰ ᠤᠳᠠᠭᠠᠨ ᠤ ᠠᠵᠢᠯᠯᠠᠭ᠎ᠠ ᠶᠢ ᠱᠧᠩᠯᠢ ᠵᠡᠭᠡᠯᠢ ᠶᠢᠨ ᠬᠡᠷᠡᠭ ᠡᠷᠬᠢᠯᠡᠬᠦ ᠭᠠᠵᠠᠷ ᠠᠴᠠ ᠭᠤᠤᠯᠯᠠᠠ ᠡᠷᠬᠢᠯᠡᠵᠤ᠂ ᠳ᠋ᠦᠩ ᠹᠠᠩ ᠨᠡᠶᠢᠭᠡᠮ ᠲᠤᠭᠤᠷᠢᠭ᠂ ᠬᠢᠩᠭᠠᠨ ᠠᠶᠢᠮᠠᠭ ᠤᠨ ᠮᠠ ᠢ ᠵᠠᠯᠠᠭᠤᠴᠤᠳ ᠪᠠᠭᠠᠴᠤᠳ ᠤᠨ ᠨᠡᠶᠢᠭᠡᠮ ᠤᠨ ᠦᠢᠯᠡᠳᠤᠯᠭᠡ ᠶᠢᠨ ᠨᠡᠶᠢᠳᠠ ᠶᠢᠨ ᠠᠰᠠᠷᠠᠮᠵᠢ ᠶᠢᠨ ᠨᠡᠶᠢᠭᠡᠮᠯᠢᠭ ᠠᠴᠠ ᠲᠠᠭᠠᠭᠠᠴᠢᠯᠠᠨ ᠡᠷᠬᠢᠯᠡᠵᠤ᠂ ᠤᠷᠤᠨ ᠲᠤᠭᠤᠷᠢᠭ ᠤᠨ ᠨᠡᠮ ᠤᠨ ᠭᠡᠰᠢᠬᠦᠨ ᠤ ᠲᠦᠯᠤᠭᠡᠯᠡᠭᠴᠢ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ᠂ ᠤᠯᠤᠰ ᠲᠦᠷᠥ ᠶᠢᠨ ᠵᠦᠪᠯᠡᠯᠭᠡᠨ ᠤ ᠭᠡᠰᠢᠬᠦᠨ᠂ ᠲᠠᠭᠠᠭᠠᠴᠢᠯᠠᠨ ᠬᠤᠯᠪᠤᠭᠠᠯᠠᠭᠰᠠᠨ ᠨᠢᠭᠡᠴᠢ᠂ ᠨᠡᠶᠢᠭᠡᠮ ᠤᠨ ᠵᠤᠬᠢᠶᠠᠨ ᠪᠠᠶᠢᠭᠤᠯᠤᠯᠳᠠ ᠵᠢᠴᠢ ᠬᠠᠷᠢᠶ᠎ᠠ ᠲᠤᠭᠤᠷᠢᠭ ᠤᠨ ᠰᠠᠭᠤᠭᠠᠯᠢ ᠠᠷᠠᠳ ᠤᠷᠤᠯᠴᠠᠵᠠᠢ᠃
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号