ᠦᠩᠭᠡᠳᠤ ᠴᠠᠨ᠎ᠠ ᠤᠯᠠᠨ ᠵᠤᠭᠠᠴᠠᠭᠴᠢ ᠶᠢᠨ ᠪᠠᠭ᠋ᠠᠷᠤᠯ ᠢ ᠲᠠᠳᠠᠨ᠎ᠠ
ᠨᠡᠶᠢᠲᠡᠯᠡᠭᠰᠡᠨ ᠴᠠᠭ᠄
2024/6/5
     ᠤᠶᠢᠷ᠎ᠠ ᠳᠤ᠂ ᠤᠯᠠᠭᠠᠨᠬᠤᠲᠠ ᠶᠢᠨ ᠭᠡᠭᠡᠨᠰᠦ᠋ᠮ᠎ᠠ ᠪᠠᠯᠭᠠᠰᠤᠨ ᠤ ᠬᠢᠩᠭᠠᠨ ᠠᠶᠢᠮᠠᠭ ᠤᠨ ᠤᠳᠠᠴᠢ ᠲᠠᠷᠢᠶᠠᠯᠠᠩ ᠤᠨ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ︽ᠤᠯᠠᠭᠠᠨᠬᠤᠳᠠ ᠶᠢᠨ ᠤᠯᠠᠭᠠᠨ ᠴᠠᠨ᠎ᠠ︾  ᠶᠢᠨ ᠴᠢᠬᠢ ᠲᠠᠷᠢᠵᠤ ᠪᠤᠶᠢᠵᠢᠭᠤᠯᠬᠤ ᠰᠠᠭᠤᠷᠢᠨ ᠭᠠᠵᠠᠷ ᠲᠤ᠂ ᠴᠠᠨ᠎ᠠ ᠴᠡᠴᠡᠭ ᠦᠩᠭᠡ ᠢᠯᠭᠠᠷᠠᠨ ᠳᠡᠯᠭᠡᠷᠡᠵᠦ᠂ ᠡᠷᠬᠢᠨ ᠲᠣᠭᠤᠷᠢᠨ ᠤ ᠵᠤᠭᠠᠴᠠᠭᠰᠠᠳ ᠤᠨ ᠪᠠᠭ᠋ᠠᠷᠬᠠᠯ ᠢ ᠲᠠᠳᠠᠨ᠎ᠠ᠃ ᠣᠶᠢᠯᠠᠭᠠᠭᠰᠠᠨ ᠢᠶᠠᠷ᠂ ᠲᠤᠰ ᠺᠣᠮᠫᠠᠨᠢ ᠭᠡᠭᠡᠨᠰᠦ᠋ᠮ᠎ᠠ ᠪᠠᠯᠭᠠᠰᠤᠨ ᠳᠤ 1200 ᠮᠥ ᠤᠯᠠᠭᠠᠨ ᠴᠠᠨ᠎ᠠ ᠴᠡᠴᠡᠭ ᠤᠨ ᠲᠥᠷᠥᠯ ᠤᠨ ᠡᠭᠦᠰᠦᠯᠲᠡ ᠶᠢᠨ ᠭᠠᠵᠠᠷ ᠪᠠᠶᠢᠭᠤᠯᠵᠤ᠂ ᠳᠤᠮᠳᠠᠳᠤ ᠤᠯᠤᠰ ᠤᠨ ᠬᠢᠲᠠᠳ ᠡᠮᠨᠡᠯᠭᠡ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠢᠲᠠᠳ ᠡᠮ ᠰᠤᠳᠤᠯᠬᠤ ᠭᠠᠵᠠᠷ ᠲᠠᠢ ᠬᠠᠮᠲᠤᠷᠠᠨ ︽ᠤᠯᠠᠭᠠᠨᠬᠤᠳᠠ ᠶᠢᠨ ᠤᠯᠠᠭᠠᠨ ᠴᠠᠨ᠎ᠠ︾ ᠰᠢᠷᠢᠰ ᠰᠢᠨ᠎ᠡ ᠡᠭᠦᠯᠳᠡᠷ ᠢ ᠪᠤᠶᠢᠵᠢᠭᠤᠯᠬᠤ ᠶᠢᠨ ᠬᠠᠮᠲᠤ 300 ᠮᠥ ᠴᠢᠬᠢ ᠪᠤᠶᠢᠵᠢᠭᠤᠯᠬᠤ ᠭᠠᠵᠠᠷ ᠢ ᠠᠰᠢᠭᠯᠠᠨ ᠴᠢᠬᠢ ᠪᠤᠶᠢᠵᠢᠭᠤᠯᠵᠤ ᠪᠤᠢ᠃ ᠤᠳᠤᠬᠠᠨ ᠳᠤ ᠤᠶᠢᠷ᠎ᠠ ᠤᠷᠴᠢᠮ ᠤᠨ ᠲᠠᠷᠢᠶᠠᠴᠢᠳ ᠢ ᠲᠠᠶᠢᠴᠢᠯᠡᠨ ᠬᠢᠲᠠᠳ ᠡᠮ ᠤᠨ ᠮᠠᠲ᠋ᠧᠷᠢᠶᠠᠯ ᠪᠠ ᠤᠯᠠᠭᠠᠨ ᠴᠠᠨ᠎ᠠ ᠳᠠᠷᠢᠭᠤᠯᠵᠤ᠂ ᠲᠤᠬᠠᠶ ᠶᠢᠨ ᠭᠠᠵᠠᠷ ᠤᠨ ᠭᠠᠴᠠᠭ᠎ᠠ ᠲᠣᠰᠬᠤᠨ ᠤ ᠠᠷᠠᠳ ᠤᠨ ᠠᠵᠢᠯ ᠤᠯᠬᠤ ᠪᠠ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠭᠰᠠᠨ ᠢᠶᠠᠷ ᠪᠠᠷᠠᠬᠤ ᠥᠬᠡᠶ ᠬᠢᠲᠠᠳ ᠡᠮ ᠤᠨ ᠮᠠᠲ᠋ᠧᠷᠢᠶᠠᠯ ᠤᠨ ᠠᠵᠤ ᠤᠶᠢᠯᠡᠰ ᠤᠨ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃            
                                             
                                                     ᠪᠢᠯᠢᠭ ᠰᠡᠬᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号