ᠤᠯᠠᠭᠠᠨᠬᠤᠲᠠ 2024 ᠣᠨ ᠤ ︽ᠠᠶᠤᠯᠭᠦᠶ ᠤᠶᠢᠯᠡᠳᠪᠤᠷᠢᠯᠠᠯ ᠤᠨ ᠰᠠᠷ᠎ᠠ︾ ᠶᠢᠨ ᠠᠵᠢᠯᠯᠠᠭ᠎ᠠ ᠡᠬᠢᠯᠡᠬᠦᠯᠪᠡ
ᠨᠡᠶᠢᠲᠡᠯᠡᠭᠰᠡᠨ ᠴᠠᠭ᠄
2024/6/7
  ᠠᠶᠤᠯᠭᠦᠶ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠤᠨ ᠡᠷᠴᠢᠮ ᠢ ᠤᠯᠠᠮ ᠴᠢᠨᠠᠭᠰᠢᠳᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠪᠦᠬᠦ ᠨᠡᠶᠢᠭᠡᠮ ᠤᠨ ᠬᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠠᠩᠬᠠᠷᠬᠤ ᠬᠡᠮᠵᠢᠶ᠎ᠡ ᠶᠢ ᠳᠡᠭᠡᠭᠰᠢᠯᠡᠭᠦᠯᠬᠦ ᠪᠠᠷ᠂ 6 ᠰᠠᠷ᠎ᠠ ᠶᠢᠨ 1 ᠤ ᠡᠳᠦᠷ᠂ ᠤᠯᠠᠭᠠᠨᠬᠤᠲᠠ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠦᠮᠤᠨ ᠪᠤᠯᠭᠠᠨ ᠪᠠᠴᠢᠮ ᠪᠠᠶᠢᠳᠠᠯ ᠢ ᠠᠷᠭᠠᠴᠠᠭᠠᠨ᠎ᠠ  — ᠠᠮᠢ ᠨᠠᠰᠤᠨ ᠤ ᠵᠠᠮ ᠢ ᠰᠠᠭᠠᠳ ᠦᠭᠡᠢ ᠨᠡᠪᠳᠡᠷᠡᠬᠦᠯᠬᠦ︾ ᠪᠠᠷ ᠭᠤᠣᠯ ᠰᠡᠳᠦᠪ ᠪᠣᠯᠭᠠᠵᠤ᠂ 2024 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠭᠤᠯᠪᠠ᠃ ᠬᠤᠳᠠ ᠶᠢᠨ ᠤᠳᠤᠷᠢᠳᠤᠯᠭ᠎ᠠ ᠮᠠ ᠱᠤ᠋ ᠭᠠᠩ᠂ ᠸᠠᠩ ᠮᠢᠩ ᠶᠠᠩ ᠵᠢᠴᠢ ᠠᠵᠤ ᠠᠬᠤᠶᠢᠯᠠᠯ᠂ ᠠᠵᠢᠯ ᠦᠢᠯᠡᠰ ᠤᠨ ᠪᠠᠶᠢᠭᠤᠯᠭ᠎ᠠ ᠨᠢᠭᠡᠴᠢ ᠶᠢᠨ ᠲᠥᠯᠥᠭᠡᠯᠡᠭᠴᠢ ᠨᠠᠷ ᠲᠤᠰ ᠤᠳᠠᠭᠠᠨ ᠤ ᠶᠣᠰᠣᠯᠠᠯ ᠳᠤ ᠣᠷᠣᠯᠴᠠᠪᠠ᠃         ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ ᠶᠠᠷᠢᠶ᠎ᠠ ᠲᠠᠯᠪᠢᠭᠰᠠᠨ ᠪᠥᠭᠡᠳ ᠤᠯᠠᠭᠠᠨᠬᠤᠲᠠ ᠶᠢᠨ 2024 ᠣᠨ ᠤ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠵᠠᠷᠯᠠᠵᠤ᠂ ᠮᠧᠩ ᠨᠢᠦ ᠰᠦᠨ ᠤᠶᠢᠯᠡᠰ ︵ᠤᠯᠠᠭᠠᠨᠬᠤᠲᠠ︶ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠶᠢᠨ ᠠᠵᠤ ᠠᠬᠤᠶᠢᠯᠠᠯ ᠤᠨ ᠲᠥᠯᠥᠭᠡᠯᠡᠭᠴᠢ ᠠᠮᠤᠷ ᠲᠦᠪᠰᠢᠨ ᠤ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠪᠡ᠃  ᠠᠵᠢᠯᠯᠠᠭ᠎ᠠ ᠶᠢᠨ ᠳᠤᠮᠳᠠ᠂ ᠮᠠ ᠱᠤ᠋ ᠭᠠᠩ ᠵᠡᠷᠭᠡ ᠬᠤᠲᠠ ᠶᠢᠨ ᠤᠳᠤᠷᠢᠳᠤᠯᠭ᠎ᠠ ᠵᠢᠴᠢ ᠠᠵᠤ ᠠᠬᠤᠶᠢᠯᠠᠯ᠂ ᠠᠵᠢᠯ ᠤᠶᠢᠯᠡᠰ ᠤᠨ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠬᠠᠮᠲᠤ ᠪᠠᠷ ᠮᠧᠩ ᠨᠢᠦ ᠰᠦᠨ ᠤᠶᠢᠯᠡᠰ ︵ᠤᠯᠠᠭᠠᠨᠬᠤᠲᠠ︶ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠶᠢᠨ ᠠᠵᠤ ᠠᠬᠤᠶᠢᠯᠠᠯ ᠤᠨ ᠤᠶᠢᠯᠡᠳᠪᠤᠷᠢ ᠶᠢᠨ ᠲᠣᠭᠤᠷᠢᠭ ᠢᠶᠠᠷ ᠲᠣᠭᠤᠷᠢᠨ ᠦᠵᠡᠪᠡ᠃ ᠮᠧᠩ ᠨᠢᠦ ᠰᠦᠨ ᠤᠶᠢᠯᠡᠰ ︵ᠤᠯᠠᠭᠠᠨᠬᠤᠲᠠ︶ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠬᠢᠵᠠᠭᠠᠷ ᠲᠠᠢ ᠣᠷᠣᠨ ᠵᠠᠶ ᠳᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠵᠡᠶ᠃       ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢ ᠤᠯᠠᠭᠠᠨᠬᠤᠲᠠ ᠶᠢᠨ ᠠᠶᠤᠯᠭᠦᠶ ᠤᠶᠢᠯᠡᠳᠪᠤᠷᠢᠯᠠᠯ ᠤᠨ ᠵᠥᠪᠯᠡᠯ ᠠᠴᠠ ᠭᠤᠤᠯᠯᠠᠨ ᠡᠷᠭᠢᠯᠡᠵᠦ᠂ ᠤᠯᠠᠭᠠᠨᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂  ᠮᠧᠩ ᠨᠢᠦ ᠰᠦᠨ ᠤᠶᠢᠯᠡᠰ ︵ᠤᠯᠠᠭᠠᠨᠬᠤᠲᠠ︶ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠳᠠᠭᠠᠭᠠᠴᠢᠯᠠᠨ ᠡᠷᠭᠢᠯᠡᠪᠡ᠃ ᠠᠵᠢᠯᠯᠠᠭ᠎ᠠ ᠶᠢᠨ ᠠᠭᠤᠯᠭ᠎ᠠ ᠨᠢ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠣᠯᠭᠠᠨ ᠪᠠᠴᠢᠮ ᠪᠠᠶᠢᠳᠠᠯ ᠢ ᠠᠷᠭᠠᠴᠠᠭᠠᠨ᠎ᠠ︾ ᠭᠡᠬᠦ ᠠᠶᠤᠯᠭᠦᠶ ᠦᠢᠯᠡᠳᠪᠦᠷᠢᠯᠡᠯ ᠤᠨ ᠰᠠᠷ᠎ᠠ ᠶᠢᠨ ᠭᠤᠣᠯ ᠰᠡᠳᠦᠪ ᠤᠨ ᠲᠣᠭᠤᠷᠢᠨ ᠳᠤ ᠪᠦᠬᠦ ᠨᠡᠶᠢᠭᠡᠮ ᠢᠶᠠᠷ ᠢᠶᠠᠨ ᠠᠩᠬᠠᠷᠴᠤ᠂ ᠪᠦᠬᠦ ᠠᠷᠠᠳ ᠢᠶᠠᠷ ᠢᠶᠠᠨ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠵᠠᠶ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号