ᠤᠯᠠᠭᠠᠨᠬᠤᠲᠠ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠭᠤᠴᠢᠨ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/7
    6 ᠰᠠᠷ᠎ᠠ ᠶᠢᠨ 4 ᠤ ᠡᠳᠦᠷ᠂ ᠤᠯᠠᠭᠠᠨᠬᠤᠲᠠ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠭᠤᠴᠢᠨ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ᠃   ᠤᠯᠠᠭᠠᠨᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢᠦ ᠢᠦᠶ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠤᠳᠤᠷᠢᠳᠤᠯᠭ᠎ᠠ ᠮᠠ ᠱᠤ᠋ ᠭᠠᠩ᠂ ᠭᠤᠸᠠᠨ ᠹᠧᠩ᠂ ᠵᠧᠤ ᠬᠠᠩ᠂ ᠽᠦᠸᠧ ᠶᠠᠨ᠂ ᠯᠢ ᠶᠢᠩ ᠺᠦᠨ᠂ ᠯᠢᠦ ᠬᠤᠩ ᠪᠥᠸᠧ᠂ ᠸᠠᠩ ᠭᠦᠸᠧ ᠠᠨ᠂ ᠵᠠᠩ ᠵᠢᠩ ᠵᠢᠩ᠂ ᠸᠠᠩ ᠬᠠᠶ ᠵᠢᠶᠠᠩ ᠵᠢᠴᠢ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠨᠠᠷ ᠲᠤᠰ ᠤᠳᠠᠭᠠᠨ ᠤ ᠬᠤᠷᠠᠯ ᠳᠤ ᠣᠷᠣᠯᠴᠠᠵᠠᠶ᠃   ᠬᠤᠷᠠᠯ ᠠᠴᠠ᠂ ᠪᠦᠬᠦ ᠬᠤᠳᠠ ᠶᠢᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ︽ᠲᠠᠪᠤᠨ ᠶᠡᠭᠡ ᠡᠭᠦᠷᠭᠡ︾ ᠳᠤ ᠠᠩᠬᠠᠷᠤᠯ ᠢᠶᠠᠨ ᠲᠥᠪᠯᠡᠷᠡᠭᠦᠯᠵᠦ᠂ ᠣᠨ ᠤ ᠡᠭᠦᠷᠭᠡ ᠶᠢᠨ ᠨᠠᠷᠢᠨ ᠳᠠᠩᠰᠠ ᠶᠢᠨ ᠶᠣᠰᠣᠭᠠᠷ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠬᠠᠷᠠᠯᠲᠠ ᠡᠭᠦᠷᠭᠡ ᠪᠠᠨ ᠨᠠᠷᠢᠯᠢᠬᠵᠢᠭᠤᠯᠵᠤ᠂ ᠪᠡᠶᠡᠯᠡᠭᠦᠯᠬᠦ ᠴᠠᠭ ᠤᠨ ᠬᠢᠵᠠᠭᠠᠷ ᠢ ᠠᠮᠵᠢᠵᠤ᠂ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ ᠪᠠᠷ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠬᠦᠷᠢᠶᠡᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠬᠦ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠠᠰᠢᠭᠯᠠᠵᠤ ᠪᠣᠯᠬᠤ ᠡᠳ᠋ ᠬᠦᠷᠦᠩᠬᠡ ᠶᠢ ᠠᠮᠢᠳᠤᠯᠢᠭᠵᠢᠭᠤᠯᠵᠤ᠂ ᠡᠳ᠋ ᠪᠣᠳᠠᠰ ᠢ ᠭᠦᠢᠴᠡᠳ ᠬᠡᠷᠡᠭᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠢᠨ᠎ᠡ ᠪᠠᠷ ᠨᠡᠮᠡᠭᠳᠡᠭᠰᠡᠨ ᠨᠡᠶᠢᠭᠡᠮ ᠲᠣᠭᠤᠷᠢᠭ ᠤᠨ ᠬᠠᠮᠢᠶᠠᠷᠤᠯᠲᠠ ᠦᠢᠯᠡᠴᠢᠯᠡᠭᠡᠨ ᠤ ᠠᠵᠢᠯ ᠢ ᠦᠨᠡᠨ ᠬᠦ ᠰᠠᠶᠢᠲᠤᠷ ᠬᠢᠵᠦ᠂ ᠤᠳᠤ ᠶᠢᠨ ᠪᠠᠶᠢᠭ᠎ᠠ ᠨᠡᠶᠢᠭᠡᠮ ᠲᠣᠭᠤᠷᠢᠭ ᠤᠨ ᠡᠬᠢ ᠪᠠᠶᠠᠯᠢᠭ ᠢ ᠪᠦᠲᠦᠮᠵᠢᠲᠡᠢ ᠠᠰᠢᠭᠯᠠᠵᠤ᠂ ᠴᠢᠳᠠᠪᠬᠢ ᠶᠢᠨ ᠪᠠᠶᠢᠷᠢᠰᠢᠭᠤᠯᠤᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠩᠭᠤᠢ ᠪᠠᠶᠢᠭᠤᠯᠤᠯᠲᠠ ᠶᠢ ᠠᠬᠢᠭᠤᠯᠵᠤ᠂ ᠥᠷᠭᠡᠨ ᠤᠯᠠᠨ ᠲᠦᠮᠡᠨ ᠤ ᠵᠢᠷᠭᠠᠯᠲᠤ ᠲᠦᠷᠦᠭᠳᠡᠯ ᠪᠣᠯᠤᠨ ᠬᠦᠷᠲᠡᠮᠵᠢ ᠶᠢᠨ ᠲᠦᠷᠦᠭᠳᠡᠯ ᠢ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号