ᠬᠢᠩᠭᠠᠨ ᠠᠶᠢᠮᠠᠭ ᠤᠨ ᠤᠯᠠᠭᠠᠨᠬᠤᠲᠠ ᠬᠢᠭᠡᠳ ᠲᠦᠩᠯᠢᠶᠣᠤ ᠬᠤᠲᠠ ᠶᠢᠨ ᠬᠤᠤᠯᠢᠩᠭᠤᠤᠯ ᠬᠤᠲᠠ ᠭᠡᠷ᠎ᠡ ᠲᠤᠭᠳᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/6/7
  6 ᠰᠠᠷ᠎ᠠ ᠶᠢᠨ 4 ᠤ ᠡᠳᠦᠷ᠂ ᠬᠢᠩᠭᠠᠨ ᠠᠶᠢᠮᠠᠭ ᠤᠨ ᠤᠯᠠᠭᠠᠨᠬᠤᠲᠠ ᠬᠢᠭᠡᠳ ᠲᠦᠩᠯᠢᠶᠣᠤ ᠬᠤᠲᠠ ᠶᠢᠨ ᠬᠤᠤᠯᠢᠩᠭᠤᠤᠯ ᠬᠤᠲᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠶᠢ ᠬᠠᠷᠢᠯᠴᠠᠨ ᠰᠤᠷᠤᠯᠴᠠᠵᠤ ᠬᠠᠷᠢᠯᠴᠠᠨ ᠠᠬᠢᠭᠤᠯᠬᠤ︾ ︽ᠨᠥᠬᠦᠷᠰᠡᠭ ᠤᠶᠢᠯᠡᠳᠪᠤᠷᠢ ᠬᠤᠳᠠᠯᠳᠤᠭᠠᠨ ᠤ ᠬᠤᠯᠪᠣᠭ᠎ᠠ ᠪᠠᠶᠢᠭᠤᠯᠬᠤ︾ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠤᠯᠠᠭᠠᠨᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠰᠥᠩ ᠹᠸᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠸᠠᠩ ᠮᠢᠶᠣᠣ ᠵᠢᠴᠢ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠨᠠᠷ ᠲᠤᠰ ᠤᠳᠠᠭᠠᠨ ᠤ ᠶᠣᠰᠣᠯᠠᠯ ᠳᠤ ᠣᠷᠣᠯᠴᠠᠪᠠ᠃  ᠶᠣᠰᠣᠯᠠᠯ ᠳᠡᠭᠡᠷ᠎ᠡ᠂ ᠬᠢᠩᠭᠠᠨ ᠠᠶᠢᠮᠠᠭ ᠤᠨ ᠤᠯᠠᠭᠠᠨᠬᠤᠲᠠ ᠬᠢᠭᠡᠳ ᠲᠦᠩᠯᠢᠶᠣᠤ ᠬᠤᠲᠠ ᠶᠢᠨ ᠬᠤᠤᠯᠢᠩᠭᠤᠤᠯ  ᠬᠤᠲᠠ ᠬᠠᠮᠲᠤᠷᠠᠨ ᠬᠠᠮᠵᠢᠯᠴᠠᠬᠤ ᠲᠤᠬᠠᠢ ᠪᠦᠳᠦᠭᠦᠪᠴᠢ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃        ᠡᠨᠡ ᠤᠳᠠᠭ᠎ᠠ ᠶᠢᠨ ᠭᠡᠷ᠎ᠡ ᠲᠣᠭᠲᠠᠭᠰᠠᠨ ᠨᠢ ᠤᠯᠠᠭᠠᠨᠬᠤᠲᠠ ᠪᠣᠯᠤᠨ ᠬᠤᠤᠯᠢᠩᠭᠤᠤᠯ ᠬᠤᠲᠠ ᠶᠢᠨ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠢᠳᠡᠪᠬᠢᠲᠡᠶ ᠠᠬᠢᠭᠤᠯᠵᠤ ᠂ ᠨᠡᠩ ᠯᠠᠪᠳᠠᠭᠤᠨ ᠪᠠᠲᠤᠲᠠᠢ ᠨᠢᠭᠡ ᠠᠯᠬᠤᠮ ᠢ ᠠᠯᠬᠤᠵᠤ᠂ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠷᠢᠯᠴᠠᠭ᠎ᠠ ᠪᠠᠨ ᠤᠯᠠᠮ ᠴᠢᠨᠠᠭᠰᠢᠳᠠ ᠨᠢᠭᠲᠠᠷᠠᠭᠤᠯᠵᠤ᠂ ᠬᠠᠷᠢᠯᠴᠠᠨ ᠠᠬᠢᠭᠤᠯᠵᠤ᠂ ᠬᠠᠷᠢᠯᠴᠠᠨ ᠳᠡᠭᠡᠭᠰᠢᠯᠡᠭᠦᠯᠵᠦ᠂ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠠᠮᠵᠢᠯᠴᠠᠨ ᠠᠬᠢᠭᠤᠯᠵᠤ᠂ ᠬᠤᠶᠠᠷ ᠭᠠᠵᠠᠷ ᠤᠨ ᠬᠢᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠬᠠᠮᠲᠤᠪᠠᠷ ᠠᠬᠢᠭᠤᠯᠤᠨ᠎ᠠ᠃        
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号