ᠤᠯᠠᠭᠠᠨᠬᠤᠳᠠ ᠠᠷᠠᠳ ᠤᠯᠠᠨ ᠤ ᠠᠮᠢ ᠨᠠᠰᠤ ᠡᠳ᠋ ᠬᠦᠷᠤᠩᠬᠡ ᠶᠢᠨ ᠠᠮᠤᠷ ᠲᠦᠪᠰᠢᠨ ᠢ ᠦᠨᠡᠨ ᠬᠦ ᠪᠠᠳᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2024/7/10
  7 ᠰᠠᠷ᠎ᠠ ᠶᠢᠨ 7 ᠤ ᠡᠳᠦᠷ᠂ ᠤᠯᠠᠭᠠᠨᠬᠤᠲᠠ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠵᠢᠴᠢ ᠭᠤᠷᠪᠠᠳᠤᠭᠠᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠬᠤᠷᠠᠯ ᠬᠤᠷᠠᠯᠳᠤᠭᠤᠯᠵᠤ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠲᠠ ᠶᠢᠨ ᠲᠡᠳ᠋ ᠳᠠᠷᠤᠭ᠎ᠠ ᠮᠠ ᠱᠦ ᠭᠠᠩ ᠬᠤᠷᠠᠯ ᠢ ᠡᠷᠭᠢᠯᠡᠵᠦ᠂ ᠤᠯᠠᠭᠠᠨᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠢ᠂ ᠡᠯ᠎ᠡ ᠪᠠᠯᠭᠠᠰᠤ ᠵᠡᠭᠡᠯᠢ ︵ᠬᠦᠷᠢᠶᠡᠯᠡᠩ ᠲᠣᠭᠤᠷᠢᠭ︶ ᠶᠢᠨ ᠬᠠᠷᠢᠭᠤᠴᠠᠯᠭᠠᠲᠠᠳ ᠲᠤᠰ ᠤᠳᠠᠭᠠᠨ ᠤ ᠬᠤᠷᠠᠯ ᠳᠤ ᠣᠷᠣᠯᠴᠠᠵᠠᠶ᠃      ᠬᠤᠷᠠᠯ ᠠᠴᠠ᠂ ᠡᠯ᠎ᠡ ᠪᠠᠶᠢᠭᠤᠯᠭ᠎ᠠ ᠨᠢᠭᠡᠴᠢ ᠶᠢᠨ ᠬᠢᠨ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠴᠢᠬᠤᠯᠠ ᠠᠴᠢ ᠬᠤᠯᠪᠣᠭᠳᠠᠯ ᠢ ᠰᠡᠷᠭᠡᠭ ᠢᠶᠠᠷ ᠲᠠᠨᠢᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠤᠷᠪᠠᠨ ᠵᠢᠯ ᠤᠨ ᠠᠵᠢᠯᠯᠠᠭ᠎ᠠ ᠶᠢᠨ ᠭᠦᠨᠵᠡᠭᠡᠶᠢᠷᠡᠬᠦ᠂ ᠨᠠᠷᠢᠯᠢᠭ᠂ ᠪᠣᠳᠠᠲᠠᠶᠢᠵᠢᠬᠤ ᠶᠢ  ᠦᠨᠡᠨ ᠬᠦ ᠠᠬᠢᠭᠤᠯᠬᠤ ᠬᠡᠷᠡᠭᠲᠡᠢ᠃ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠠᠮᠤᠷ ᠲᠦᠪᠰᠢᠨ ᠤ ᠳᠠᠯᠳᠠ ᠭᠡᠮ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠡᠷᠡᠰ ᠠᠷᠢᠯᠭᠠᠬᠤ ᠬᠡᠷᠡᠭᠲᠡᠶ᠃ ᠤᠯᠠᠷᠢᠯ ᠵᠢᠴᠢ ᠠᠵᠢᠯ ᠲᠥᠷᠥᠯ ᠤᠨ ᠣᠨᠴᠠᠯᠢᠭ ᠢ ᠦᠨᠳᠦᠰᠦᠯᠡᠨ ᠭᠤᠤᠯᠳᠠᠯᠭ᠎ᠠ ᠲᠠᠢ ᠬᠦᠷᠢᠶ᠎ᠡ ᠵᠢᠴᠢ ︽ᠶᠢᠰᠦᠨ ᠪᠠᠭ᠎ᠠ ᠲᠠᠯᠠᠪᠤᠷ︾ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠪᠦᠲᠦᠮᠵᠢᠲᠡᠶ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ᠂ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠤᠨ ︽ᠴᠣᠩᠬᠤ ᠶᠢ ᠨᠤᠷᠠᠭᠠᠵᠤ ᠲᠣᠤᠷ ᠢ ᠡᠪᠳᠡᠬᠦ︾ ᠵᠡᠷᠭᠡ ᠠᠵᠢᠯ ᠢ ᠭᠤᠤᠯᠳᠠᠯᠭ᠎ᠠ ᠲᠠᠢ ᠡᠭᠦᠷᠭᠡ ᠳᠤ ᠣᠷᠣᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号