ᠬᠤᠪᠢᠰᠬᠠᠯᠳᠤ ᠰᠤᠶᠤᠯ ᠤᠨ ᠤᠯᠠ ᠮᠦᠷ ᠢ ᠬᠠᠶᠢᠬᠰᠠᠨ ᠬᠦᠭᠵᠢᠯᠳᠠᠢ ᠰᠠᠶᠢᠬᠠᠨ ᠰᠤᠷᠪᠤᠯᠵᠢᠯᠠᠭ᠎ᠠ ᠶᠢᠨ ᠠᠶᠠᠨ
ᠨᠡᠶᠢᠲᠡᠯᠡᠭᠰᠡᠨ ᠴᠠᠭ᠄
2024/7/12
    ᠳᠡᠯᠭᠡᠷ ᠵᠤᠨ ᠤ ᠰᠠᠶᠢᠬᠠᠨ ᠤᠯᠠᠷᠢᠯ ᠳᠤ᠂ ︽ᠳᠤᠮᠳᠠᠲᠦ ᠶᠢᠨ ᠦᠨᠳᠦᠰᠦᠲᠡᠨ ᠤ ᠬᠠᠮᠳᠤ ᠶᠢᠨ ᠴᠤᠭᠴᠠ ᠶᠢ ᠪᠠᠳᠤ ᠴᠤᠭᠴᠠᠯᠠᠵᠤ ᠳᠤᠮᠳᠠᠳᠤ ᠶᠢᠨ ᠦᠨᠳᠦᠰᠦᠳᠡᠨ ᠨᠢᠭᠡ ᠭᠡᠷ ᠪᠦᠯᠢ ᠮᠡᠳᠦ ᠲᠤᠳᠤᠨᠤ︾ ᠭᠤᠤᠯ ᠰᠡᠳᠦᠪᠳᠤ ᠤᠬᠠᠭᠤᠯᠭ᠎ᠠ ᠰᠤᠷᠪᠤᠯᠵᠢᠯᠠᠭ᠎ᠠ   ᠶᠢᠨ ᠪᠦᠯᠬᠦᠮ ᠤᠨ ᠰᠤᠷᠪᠤᠯᠵᠢᠯᠠᠭᠴᠢ ᠨᠠᠶᠢᠷᠠᠭᠤᠯᠤᠭᠴᠢ ᠨᠠᠷ ᠬᠢᠩᠭᠠᠨ ᠠᠶᠢᠮᠠᠭ ᠤᠨ ᠤᠯᠠᠭᠠᠨᠬᠤᠳᠠ ᠶᠢᠨ ︽5 · 1︾ ᠬᠤᠷᠠᠯ ᠤᠨ ᠭᠡᠷ ᠤᠨ ᠬᠤᠪᠢᠰᠬᠠᠯᠳᠤ ᠰᠤᠶᠤᠯ ᠢ ᠳᠤᠭᠤᠷᠢᠨ ᠰᠤᠷᠤᠯᠴᠠᠪᠠ᠃ 1947 ᠤᠨ ᠤ 5 ᠰᠠᠷ᠎ᠠ ᠢᠢᠨ 1 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠵᠠᠰᠠᠭ ᠤᠨ ᠤᠷᠳᠤᠨ ᠡ᠊ᠨᠳᠡ ᠪᠠᠶᠢᠭᠤᠯᠤᠭᠳᠠᠵᠤ᠂ ᠪᠤᠷᠤᠭᠵᠢᠭᠤᠨ ᠮᠦᠷᠳᠡᠭᠡᠨ ᠲᠦᠪᠯᠡᠭᠦᠨ ᠡᠷᠳᠡᠨ ᠤ ᠮᠠᠶ᠋ᠢᠭ ᠤᠨ ᠬᠤᠶᠠᠷ ᠳᠠᠪᠬᠤᠷ ᠠᠰᠠᠷ ᠲᠤ ᠦᠨᠳᠦᠰᠦᠳᠡᠨ ᠤ ᠪᠦᠯᠬᠦᠮᠳᠡᠯ ᠤᠨ ᠭᠦᠨ ᠵᠤᠵᠠᠭᠠᠨ ᠬᠠᠶᠢᠷ᠎ᠠ ᠰᠡᠳᠬᠢᠯᠭᠡ ᠰᠢᠩᠭᠡᠵᠦ ᠪᠠᠶᠢᠳᠠᠭ᠃     ︽5 · 1︾ ᠬᠤᠷᠠᠯ ᠤᠨ ᠭᠡᠷ ᠲᠤ ᠠᠯᠬᠤᠨ ᠤᠷᠤᠪᠠᠯ᠂ ᠬᠤᠪᠢᠰᠬᠠᠯᠳᠤ ᠰᠤᠶᠤᠯ ᠤᠨ ᠠᠭᠤᠷ ᠠᠮᠢᠰᠬᠤᠯ ᠪᠢᠯᠬᠠᠨ᠎ᠠ᠃ ᠬᠠᠨ᠎ᠠ ᠲᠡᠭᠡᠷ᠎ᠠ ᠡᠯᠬᠦᠭᠳᠡᠭᠰᠡᠨ ︽ᠳᠠᠪᠤᠨ ᠰᠠᠷ᠎ᠠ ᠶᠢᠨ ᠦᠷ ᠤᠨ ᠲᠤᠶᠠᠭ᠎ᠠ︾ ᠭᠡᠬᠦ ᠲᠤᠮᠤ ᠬᠡᠯᠪᠡᠷᠢ ᠶᠢᠨ ᠲᠤᠰᠤᠨ ᠪᠤᠳᠤᠭ ᠤᠨ ᠵᠢᠷᠤᠭ ᠦᠪᠦᠷ ᠮᠤᠩᠭᠤᠯ ᠤᠨ ᠦᠪᠡᠷᠳᠡᠭᠡᠨ ᠵᠠᠰᠠᠬᠤ ᠵᠠᠰᠠᠭ ᠤᠨ ᠤᠷᠳᠤᠨ ᠪᠠᠶᠢᠭᠤᠯᠤᠭᠳᠠᠬᠤ ᠦᠶ᠎ᠠ ᠶᠢᠨ ᠲᠡᠦᠬᠡᠨ ᠶᠠᠪᠤᠴᠠ ᠶᠢ ᠦᠨᠡᠨ ᠮᠦᠨ ᠢᠶᠠᠷ ᠨᠢ ᠲᠤᠳᠤᠷᠠᠭᠤᠯᠵᠠᠢ᠃ ᠦᠵᠡᠭᠦᠯᠭᠡ ᠶᠢᠨ ᠲᠢᠩᠬᠢᠮ ᠳᠠᠬᠢ ᠬᠤᠪᠤᠷ ᠨᠠᠨᠳᠢᠨ ᠪᠢᠴᠢᠭ ᠮᠠᠲ᠋ᠧᠷᠢᠶᠠᠯ᠂ ᠤᠨ ᠵᠢᠯ ᠢ ᠲᠤᠭᠤᠯᠤᠭᠰᠠᠨ ᠦᠯᠡᠳᠡᠭᠳᠡᠯ ᠪᠤᠳᠠᠰ ᠤᠳ ᠬᠤᠪᠢᠰᠬᠠᠯᠳᠤ ᠰᠤᠶᠤᠯ ᠤᠨ ᠤᠯᠠ ᠮᠦᠷ ᠢ ᠬᠠᠷᠠᠭᠤᠯᠵᠤ᠂ ᠡᠯᠧᠺᠲᠷᠤᠨ ᠳᠡᠯᠭᠡᠴᠡ ᠪᠠ ᠳᠠᠭᠤ ᠳᠦᠷᠰᠦ ᠰᠢᠩᠭᠡᠭᠡᠯᠳᠡ ᠪᠠᠷ ᠦᠵᠡᠭᠦᠯᠵᠦ ᠪᠠᠶᠢᠭ᠎ᠠ ᠬᠤᠪᠢᠰᠬᠠᠯᠳᠤ ᠦᠯᠢᠭᠡᠷ ᠬᠦᠮᠦᠰ ᠤᠨ ᠰᠡᠳᠭᠢᠯ ᠢ ᠡᠷᠭᠡ ᠦᠭᠡᠢ ᠲᠤᠬᠳᠤᠯᠤᠭᠤᠯᠤᠨ᠎ᠠ᠃     ᠤᠷᠳᠤ ᠰᠠᠨᠳᠠᠯᠢ᠂ ᠬᠢᠴᠢᠶᠡᠯ ᠤᠨ ᠰᠢᠷᠡᠭᠡ᠂ ᠯᠠ ᠶᠢᠨ ᠱᠤᠭᠤᠮᠠᠯ ᠁ ᠰᠤᠷᠪᠤᠯᠵᠢᠯᠠᠭᠴᠢ ᠨᠠᠶᠢᠷᠠᠭᠤᠯᠤᠭᠴᠢ ᠶᠢ 1947 ᠤᠨ ᠳᠤ ᠪᠤᠴᠠᠭᠤᠯᠪᠠ᠃     ᠬᠢᠩᠭᠠᠨ ᠠᠶᠢᠮᠠᠭ ᠤᠨ ᠤᠯᠠᠭᠠᠨᠮᠦ᠋ᠴᠢᠷ ᠤᠨ ᠬᠡᠰᠢᠭᠦᠳ ᠠᠬᠤᠢ ᠦᠵᠡᠭᠳᠡᠯᠳᠦ ᠤᠬᠤᠷ ᠵᠦᠴᠦᠭᠡ ᠶᠢ ᠡ᠊ᠨᠳᠡ ᠳᠤᠭᠯᠠᠵᠤ᠂ ᠤᠮᠠᠷᠠᠳᠦ ᠬᠢᠯᠢ ᠶᠢᠨ ᠰᠤᠶᠤᠯ ᠢ ᠬᠦᠭᠵᠢᠭᠦᠯᠦᠨ ᠮᠠᠨᠳᠤᠭᠤᠯᠬᠤ᠂ ᠬᠤᠪᠢᠰᠬᠠᠯᠳᠤ ᠤᠳᠤᠮᠰᠢᠯ ᠢ ᠵᠠᠯᠭᠠᠮᠵᠢᠯᠠᠬᠤ ᠰᠡᠳᠭᠢᠯᠭᠡ ᠪᠠᠨ ᠢᠯᠡᠷᠡᠭᠦᠯᠦᠨ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠳᠤᠤᠷ᠎ᠠ ᠦᠪᠦᠷ ᠮᠤᠩᠭᠤᠯ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠪᠦᠯᠬᠦᠮᠳᠡᠨ ᠲᠡᠮᠡᠴᠡᠬᠦ ᠵᠤᠷᠢᠭ ᠢ ᠢᠯᠡᠳᠭᠡᠵᠠᠢ᠃     ︽ᠡᠶᠢᠮᠦᠷᠬᠦᠦ ᠳᠤᠭᠯᠠᠬᠤ ᠬᠡᠯᠪᠡᠷᠢ ᠨᠡᠭᠡᠷᠡᠨ ᠭᠠᠶᠢᠬᠠᠯᠳᠠᠢ᠃ ᠤᠳᠬ᠎ᠠ ᠬᠦᠨ ᠠᠭᠤᠯᠭ᠎ᠠ ᠪᠠᠶᠠᠯᠢᠭ ᠵᠦᠴᠦᠭᠡ  ᠶᠢᠨ ᠦᠯᠢᠭᠡᠷ ᠢᠶᠠᠷ ᠬᠦᠮᠦᠰ ᠤᠨ ᠰᠡᠳᠬᠢᠯ ᠢ ᠲᠤᠬᠳᠤᠯᠤᠭᠤᠯᠵᠦ᠂ ᠦᠪᠦᠷ ᠮᠤᠩᠭᠤᠯ ᠤᠨ ᠬᠤᠪᠢᠰᠬᠠᠯᠳᠤ ᠦᠯᠢᠭᠡᠷ ᠢ ᠮᠠᠰᠢ ᠠᠮᠢᠳᠤᠯᠢᠭ ᠪᠤᠯᠭᠠᠵᠠᠢ︾ ᠭᠡᠵᠦ ᠪᠡᠭᠡᠵᠢᠩ ᠤᠨ ᠡᠳᠦᠷ ᠤᠨ ᠰᠤᠨᠢᠨ ᠤ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠡᠷᠡᠭᠦᠯ ᠬᠠᠮᠠᠭᠠᠯᠠᠯ ᠤᠨ ᠰᠤᠨᠢᠨ ᠮᠡᠳᠡᠭᠡᠨ ᠤ ᠬᠡᠯᠳᠡᠰ ᠤᠨ ᠰᠤᠷᠪᠤᠯᠵᠢᠯᠠᠭᠴᠢ ᠸᠠᠩ ᠶᠤᠤ ᠴᠢ ᠭᠦᠨ ᠲᠦᠷᠦᠭᠳᠡᠯ ᠲᠠᠢ ᠶᠠᠷᠢᠨ᠎ᠠ᠃     ︽ᠳᠢ ᠳᠢ ᠳᠢ︾ ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠳᠠᠬᠢ ᠠᠵᠢᠯ ᠤᠨ ᠬᠤᠷᠢᠶ᠎ᠠ ᠶᠢᠨ ᠬᠠᠭᠤᠴᠢᠨ ᠠᠯᠪᠠᠨ ᠭᠡᠷ ᠲᠤ ᠠᠯᠬᠤᠨ ᠤᠷᠤᠪᠠᠯ ᠴᠢᠬᠢᠨ ᠳᠤ ᠰᠤᠨᠤᠷᠳᠠᠬᠤ ᠴᠠᠬᠢᠯᠭᠠᠨ ᠮᠡᠳᠡᠭᠡ ᠶᠢᠨ ᠳᠠᠭᠤ ᠬᠦᠮᠦᠰ ᠢ ᠭᠠᠶᠢᠬᠠᠮᠰᠢᠭᠳᠤ ᠤᠨ ᠰᠠᠷ᠎ᠠ ᠳᠤ ᠳᠠᠳᠠᠨ ᠠᠪᠠᠴᠢᠪᠠ᠃ ᠡᠨᠡ ᠬᠦ 1934 ᠤᠨ ᠳᠤ ᠪᠠᠶᠢᠭᠤᠯᠤᠭᠳᠠᠭᠰᠠᠨ ᠠᠯᠪᠠᠯᠠᠬᠤ ᠠᠰᠠᠷ ᠨᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠳᠤ ᠬᠦᠭᠵᠢᠨ ᠪᠤᠵᠠᠭᠠᠶᠢᠷᠠᠵᠤ᠂ ᠦᠪᠦᠷ ᠮᠤᠩᠭᠤᠯ ᠤᠨ ᠬᠤᠪᠢᠰᠬᠠᠯ ᠪᠠ ᠪᠦᠲᠦᠭᠡᠨ ᠪᠠᠶᠢᠭᠤᠯᠤᠯᠳᠠ ᠶᠢᠨ ᠦᠢᠯᠡᠰ ᠢ ᠤᠳᠤᠷᠢᠳᠤᠭᠰᠠᠨ ᠲᠡᠤᠬᠡᠨ ᠭᠡᠷᠡᠴᠢ ᠪᠤᠯᠬᠤ ᠶᠤᠮ᠃ ︽ᠬᠤᠪᠢᠰᠬᠠᠯ ᠤᠨ ᠬᠠᠭᠤᠴᠢᠨ ᠪᠠᠭᠤᠷᠢ ᠶᠢ ᠰᠠᠶᠢᠳᠦᠷ ᠬᠠᠮᠠᠭᠠᠯᠠᠵᠤ ᠰᠠᠶᠢᠳᠦᠷ ᠠᠰᠢᠭᠯᠠᠬᠤ ᠨᠢ ᠳᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠳᠤ ᠴᠢᠬᠤᠯᠠ ᠠᠴᠢ ᠬᠤᠯᠪᠤᠭᠳᠠᠯ ᠲᠠᠢ᠂ ᠡᠨᠡ ᠵᠢᠯ ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠳᠠᠬᠢ ᠠᠵᠢᠯ ᠤᠨ ᠬᠤᠷᠢᠶ᠎ᠠ ᠶᠢᠨ ᠬᠠᠭᠤᠴᠢᠨ ᠠᠯᠪᠠᠨ ᠭᠡᠷ ᠲᠤ ᠴᠠᠬᠢᠯᠭᠠᠨ ᠮᠡᠳᠡᠭᠡ ᠶᠢᠨ ᠳᠠᠭᠤᠷᠢᠶᠠᠮᠠᠯ ᠬᠢᠴᠢᠶᠡᠯ ᠤᠨ ᠭᠡᠷ ᠢ ᠰᠢᠨ᠎ᠠ ᠪᠠᠷ ᠪᠠᠶᠢᠭᠤᠯᠵᠤ᠂ ᠵᠢᠭᠤᠯᠴᠢᠯᠠᠭᠴᠢᠳ ᠴᠠᠬᠢᠯᠭᠠᠨ ᠮᠡᠳᠡᠭᠡ ᠶᠠᠪᠤᠭᠤᠯᠬᠤ ᠪᠠ ᠬᠦᠯᠢᠶᠡᠨ ᠠᠪᠬᠤ ᠶᠢ ᠡ᠊ᠨᠳᠡ ᠠᠴᠠ ᠪᠡᠶᠡᠴᠢᠯᠡᠨ ᠤᠶᠢᠯᠠᠭᠠᠵᠤ ᠪᠤᠯᠤᠨ᠎ᠠ︾ ᠭᠡᠵᠦ ᠦᠪᠦᠷ ᠮᠤᠩᠭᠤᠯ ᠤᠨ ᠦᠨᠳᠦᠰᠦᠳᠡᠨ ᠤ ᠴᠢᠯᠦᠭᠡᠯᠡᠯᠳᠡ ᠶᠢᠨ ᠳᠤᠷᠠᠰᠬᠠᠯ ᠤᠨ ᠤᠷᠳᠤᠨ ᠤ ᠬᠠᠭᠤᠴᠢᠨ ᠪᠠᠭᠤᠷᠢ ᠶᠢᠨ ᠬᠡᠯᠳᠡᠰ ᠤᠨ ᠳᠠᠷᠤᠭ᠎ᠠ ᠸᠠᠩ ᠶᠠ ᠸᠧᠢ ᠬᠡᠯᠡᠪᠡ᠃     ᠤᠶᠢᠯᠠᠭᠠᠭᠰᠠᠨ ᠢᠶᠠᠷ᠂ ᠤᠶᠢᠷ᠎ᠠ ᠶᠢᠨ ᠵᠢᠯ ᠳᠤ ᠬᠢᠩᠭᠠᠨ ᠠᠶᠢᠮᠠᠭ ᠬᠤᠪᠢᠰᠬᠠᠯ ᠤᠨ ᠦᠯᠡᠳᠡᠭᠳᠡᠯ ᠪᠠᠭᠤᠷᠢ ᠶᠢ ᠬᠠᠮᠠᠭᠠᠯᠠᠬᠤ ᠪᠠ ᠰᠡᠯᠪᠢᠨ ᠵᠠᠰᠠᠬᠤ ᠠᠵᠢᠯ ᠢ ᠮᠠᠰᠢ ᠬᠦᠨᠳᠦᠳᠭᠡᠵᠦ᠂ ᠲᠡᠦᠬᠡ ᠶᠢᠨ ᠳᠤᠷᠠᠰᠬᠠᠯᠳᠦ ᠵᠦᠢᠯ ᠤᠨ ᠤᠤᠯ ᠲᠦᠷᠰᠦ ᠶᠢ ᠰᠡᠷᠭᠦᠭᠡᠨ᠂ ᠳᠡᠯᠭᠡᠨ ᠦᠵᠡᠭᠦᠯᠵᠦ ᠠᠰᠢᠭᠯᠠᠬᠤ ᠲᠠᠯ᠎ᠠ ᠪᠠᠷ ᠰᠢᠨ᠎ᠠ ᠶᠢ ᠡᠭᠦᠳᠴᠠᠢ᠃ ᠤᠳᠤ ︽ᠨᠢᠭᠡ ᠳᠤᠷᠠᠰᠬᠠᠯ ᠤᠨ ᠤᠷᠳᠤᠨ ᠭᠤᠷᠪᠠᠨ ᠬᠠᠭᠤᠴᠢᠨ ᠪᠠᠭᠤᠷᠢ︾ ᠪᠠᠷ ᠭᠤᠤᠯ ᠪᠤᠯᠭᠠᠭᠰᠠᠨ ᠬᠤᠪᠢᠰᠬᠠᠯᠳᠤ ᠬᠦᠮᠦᠵᠢᠯ ᠤᠨ ᠵᠢᠭᠤᠯᠴᠢᠯᠠᠯ ᠤᠨ ᠭᠠᠵᠠᠷ ᠨᠢ ᠬᠢᠩᠭᠠᠨ ᠠᠶᠢᠮᠠᠭ ᠤᠨ ᠵᠢᠭᠤᠯᠴᠢᠯᠠᠯ ᠤᠨ ᠬᠢᠯᠡᠰ ᠴᠡᠭ ᠪᠤᠯᠤᠭᠰᠠᠨ ᠪᠠᠶᠢᠨ᠎ᠠ᠃     · ᠭᠤᠤ ᠮᠢᠨ ᠨᠠ   ᠭᠦᠸᠧ ᠯᠢ ᠨᠠ ·
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号