ᠬᠢᠩᠭᠠᠨ ᠠᠶᠢᠮᠠᠭ ᠤᠨ ᠠᠩᠬᠠᠳᠤᠭᠠᠷ ᠬᠤᠭᠤᠴᠠᠭᠠᠨ ᠤ ᠤᠷᠠᠨ ᠮᠠᠶ᠋ᠢᠭ ᠤᠨ ᠬᠥᠯ ᠪᠥᠮᠪᠦᠭᠡ ᠶᠢᠨ ᠤᠷᠤᠯᠳᠤᠭᠠᠨ ᠨᠢᠵᠢᠬᠢᠷ ᠰᠠᠶᠢᠬᠠᠨ ᠶᠠᠪᠤᠬᠳᠠᠵᠦ ᠲᠡᠭᠦᠰ ᠠᠮᠵᠢᠯᠳᠠᠳᠠᠢ ᠥᠨᠳᠥᠷᠯᠡᠪᠡ
ᠨᠡᠶᠢᠲᠡᠯᠡᠭᠰᠡᠨ ᠴᠠᠭ᠄
2024/7/12
     ᠤᠯᠠᠨ ᠲᠦᠮᠡᠨ ᠤ ᠬᠦᠯ ᠪᠥᠮᠪᠦᠭᠡ ᠶᠢᠨ ᠠᠵᠢᠯᠯᠠᠭᠠᠨ ᠳᠤ ᠣᠷᠣᠯᠴᠠᠬᠤ ᠤᠷᠮ᠎ᠠ ᠵᠣᠷᠢᠭ ᠢ ᠬᠥᠭᠵᠢᠭᠡᠵᠦ᠂ ᠬᠦᠯ ᠪᠥᠮᠪᠦᠭᠡ ᠶᠢᠨ ᠤᠶᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠬᠤ ᠪᠠᠷ 7 ᠰᠠᠷ᠎ᠠ ᠶᠢᠨ 3 ᠤ ᠡᠳᠦᠷ᠂ ᠬᠢᠩᠭᠠᠨ ᠠᠶᠢᠮᠠᠭ ᠤᠨ ᠰᠤᠷᠭᠠᠨ ᠬᠥᠮᠦᠵᠢᠯ ᠤᠨ ᠲᠤᠪᠴᠢᠶ᠎ᠠ ᠭᠤᠣᠯᠯᠠᠨ ᠡᠷᠬᠢᠯᠡᠵᠦ᠂ ᠬᠢᠩᠭᠠᠨ ᠠᠶᠢᠮᠠᠭ ᠤᠨ ᠬᠦᠯ ᠪᠥᠮᠪᠦᠭᠡ ᠶᠢᠨ ᠨᠡᠶᠢᠭᠡᠮᠯᠢᠭ  ᠲᠠᠭᠠᠭᠠᠴᠢᠯᠡᠨ ᠡᠷᠬᠢᠯᠡᠭᠰᠡᠨ ᠬᠢᠩᠭᠠᠨ ᠠᠶᠢᠮᠠᠭ ᠤᠨ ᠠᠩᠬᠠᠳᠤᠭᠠᠷ ᠬᠤᠭᠤᠴᠠᠭᠠᠨ ᠤ ᠤᠷᠠᠨ ᠮᠠᠶ᠋ᠢᠬ ᠤᠨ ᠬᠦᠯ ᠪᠥᠮᠪᠦᠭᠡ ᠶᠢᠨ ᠤᠷᠤᠯᠳᠤᠭᠠᠨ ᠤᠯᠠᠭᠠᠨᠬᠤᠲᠠ ᠶᠢᠨ ︽5 · 1︾ ᠠᠭᠤᠳᠠᠮ ᠲᠠᠯᠠᠪᠠᠢ ᠳᠤ ᠠᠮᠵᠢᠯᠲᠠ ᠲᠠᠢ ᠥᠨᠳᠥᠷᠯᠡᠪᠡ᠃      ᠲᠣᠰ ᠤᠳᠠᠭᠠᠨ ᠤ ᠤᠷᠤᠯᠳᠤᠭᠠᠨ ᠢ ᠨᠡᠶᠢᠭᠡᠮ ᠲᠡᠭᠡᠷᠡᠬᠢ ᠡᠷᠡᠭᠲᠡᠶ ᠡᠮᠡᠭᠲᠡᠶ ᠶᠢᠨ ᠳᠤᠭᠤᠶᠢᠯᠠᠩ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠷᠡᠭᠲᠡᠶ ᠡᠮᠡᠭᠲᠡᠶ ᠶᠢᠨ ᠳᠤᠭᠤᠶᠢᠯᠠᠩ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠷᠡᠭᠲᠡᠶ ᠡᠮᠡᠭᠲᠠᠢ ᠶᠢᠨ ᠳᠤᠭᠤᠶᠢᠯᠠᠩ᠂ ᠪᠠᠭ᠎ᠠ ᠰᠤᠷᠭᠠᠭᠤᠯᠢ ᠶᠢᠨ ᠡᠷᠡᠭᠲᠡᠶ ᠡᠮᠡᠭᠲᠡᠶ ᠶᠢᠨ ᠳᠤᠭᠤᠶᠢᠯᠠᠩ ᠬᠤᠪᠢᠶᠠᠵᠤ᠂ ᠨᠡᠶᠢᠲᠡ 241 ᠬᠥᠮᠦᠨ ᠢ ᠲᠣᠰ ᠤᠳᠠᠭᠠᠨ ᠤ ᠤᠷᠤᠯᠳᠤᠭᠠᠨ ᠳᠤ ᠣᠷᠣᠯᠴᠠᠭᠤᠯᠵᠠᠶ᠃ ᠤᠷᠤᠯᠳᠤᠭᠠᠨ ᠳᠤ ᠣᠷᠣᠯᠴᠠᠭᠰᠠᠳ ᠬᠥᠯ ᠪᠥᠮᠪᠦᠭᠡ ᠶᠢ ᠠᠮᠢᠳᠤᠯᠢᠭ ᠢᠶᠠᠷ ᠡᠵᠡᠮᠳᠡᠵᠦ᠂ ᠪᠣᠯᠪᠠᠰᠤᠷᠠᠩᠭᠤᠢ ᠤᠶᠢᠯᠡ ᠬᠦᠳᠡᠯᠦᠯ ᠪᠠ ᠤᠷ᠎ᠠ ᠮᠡᠷᠭᠡᠵᠢᠯ ᠢᠶᠠᠷ ᠢᠶᠠᠨ ᠦᠵᠡᠭᠴᠢᠳ ᠤᠨ ᠪᠠᠭ᠋ᠠᠷᠤᠯ ᠢ ᠲᠠᠳᠠᠵᠦ᠂ ᠪᠠᠰᠠ ᠲᠣᠭᠲᠠᠭᠰᠠᠨ ᠣᠷᠣᠨ ᠲᠤᠭᠤᠷᠢᠬ ᠲᠤᠳᠤᠷ᠎ᠠ ᠪᠥᠮᠪᠦᠭᠡ ᠢᠰᠭᠦᠯᠬᠦ ᠦᠵᠡᠭᠦᠯᠭᠡ ᠭᠠᠷᠭᠠᠵᠦ᠂ 3 ᠮᠢᠨᠦ᠋ᠲ ᠤᠨ ᠳᠣᠲᠣᠷ᠎ᠠ ᠢᠰᠭᠦᠯᠦᠭᠰᠡᠨ ᠲᠤᠭ᠎ᠠ ᠪᠠᠷ ᠨᠡᠷᠡᠰ ᠤᠨ ᠳᠠᠷᠠᠭᠠᠯᠠᠯ ᠢ ᠲᠣᠭᠲᠠᠭᠠᠪᠠ᠃                        ︵ᠯᠢᠶᠠᠨ ᠪᠤᠤ   ᠰᠠᠷᠠᠨ᠎ᠠ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号