| ᠳᠡᠯᠭᠡᠷ ᠵᠤᠨ ᠤ ᠰᠠᠶᠢᠬᠠᠨ ᠤᠯᠠᠷᠢᠯ ᠳᠤ᠂ ︽ᠳᠤᠮᠳᠠᠲᠦ ᠶᠢᠨ ᠦᠨᠳᠦᠰᠦᠲᠡᠨ ᠤ ᠬᠠᠮᠳᠤ ᠶᠢᠨ ᠴᠤᠭᠴᠠ ᠶᠢ ᠪᠠᠳᠤ | ᠴᠤᠭᠴᠠᠯᠠᠵᠤ ᠳᠤᠮᠳᠠᠳᠤ ᠶᠢᠨ ᠦᠨᠳᠦᠰᠦᠳᠡᠨ ᠨᠢᠭᠡ ᠭᠡᠷ ᠪᠦᠯᠢ ᠮᠡᠳᠦ ᠲᠤᠳᠤᠨᠤ︾ ᠭᠤᠤᠯ ᠰᠡᠳᠦᠪᠳᠤ ᠤᠬᠠᠭᠤᠯᠭ᠎ᠠ | ᠰᠤᠷᠪᠤᠯᠵᠢᠯᠠᠭ᠎ᠠ ᠶᠢᠨ ᠪᠦᠯᠬᠦᠮ ᠤᠨ ᠰᠤᠷᠪᠤᠯᠵᠢᠯᠠᠭᠴᠢ ᠨᠠᠶᠢᠷᠠᠭᠤᠯᠤᠭᠴᠢ ᠨᠠᠷ ᠬᠢᠩᠭᠠᠨ ᠠᠶᠢᠮᠠᠭ ᠤᠨ ᠤᠯᠠᠭᠠᠨᠬᠤᠳᠠ ᠶᠢᠨ | ︽5 · 1︾ ᠬᠤᠷᠠᠯ ᠤᠨ ᠭᠡᠷ ᠤᠨ ᠬᠤᠪᠢᠰᠬᠠᠯᠳᠤ ᠰᠤᠶᠤᠯ ᠢ ᠳᠤᠭᠤᠷᠢᠨ ᠰᠤᠷᠤᠯᠴᠠᠪᠠ᠃ 1947 ᠤᠨ ᠤ 5 ᠰᠠᠷ᠎ᠠ | ᠢᠢᠨ 1 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠵᠠᠰᠠᠭ ᠤᠨ ᠤᠷᠳᠤᠨ ᠡ᠊ᠨᠳᠡ ᠪᠠᠶᠢᠭᠤᠯᠤᠭᠳᠠᠵᠤ᠂ | ᠪᠤᠷᠤᠭᠵᠢᠭᠤᠨ ᠮᠦᠷᠳᠡᠭᠡᠨ ᠲᠦᠪᠯᠡᠭᠦᠨ ᠡᠷᠳᠡᠨ ᠤ ᠮᠠᠶ᠋ᠢᠭ ᠤᠨ ᠬᠤᠶᠠᠷ ᠳᠠᠪᠬᠤᠷ ᠠᠰᠠᠷ ᠲᠤ ᠦᠨᠳᠦᠰᠦᠳᠡᠨ ᠤ | ᠪᠦᠯᠬᠦᠮᠳᠡᠯ ᠤᠨ ᠭᠦᠨ ᠵᠤᠵᠠᠭᠠᠨ ᠬᠠᠶᠢᠷ᠎ᠠ ᠰᠡᠳᠬᠢᠯᠭᠡ ᠰᠢᠩᠭᠡᠵᠦ ᠪᠠᠶᠢᠳᠠᠭ᠃ | ︽5 · 1︾ ᠬᠤᠷᠠᠯ ᠤᠨ ᠭᠡᠷ ᠲᠤ ᠠᠯᠬᠤᠨ ᠤᠷᠤᠪᠠᠯ᠂ ᠬᠤᠪᠢᠰᠬᠠᠯᠳᠤ ᠰᠤᠶᠤᠯ ᠤᠨ ᠠᠭᠤᠷ ᠠᠮᠢᠰᠬᠤᠯ ᠪᠢᠯᠬᠠᠨ᠎ᠠ᠃ | ᠬᠠᠨ᠎ᠠ ᠲᠡᠭᠡᠷ᠎ᠠ ᠡᠯᠬᠦᠭᠳᠡᠭᠰᠡᠨ ︽ᠳᠠᠪᠤᠨ ᠰᠠᠷ᠎ᠠ ᠶᠢᠨ ᠦᠷ ᠤᠨ ᠲᠤᠶᠠᠭ᠎ᠠ︾ ᠭᠡᠬᠦ ᠲᠤᠮᠤ ᠬᠡᠯᠪᠡᠷᠢ ᠶᠢᠨ ᠲᠤᠰᠤᠨ | ᠪᠤᠳᠤᠭ ᠤᠨ ᠵᠢᠷᠤᠭ ᠦᠪᠦᠷ ᠮᠤᠩᠭᠤᠯ ᠤᠨ ᠦᠪᠡᠷᠳᠡᠭᠡᠨ ᠵᠠᠰᠠᠬᠤ ᠵᠠᠰᠠᠭ ᠤᠨ ᠤᠷᠳᠤᠨ ᠪᠠᠶᠢᠭᠤᠯᠤᠭᠳᠠᠬᠤ ᠦᠶ᠎ᠠ ᠶᠢᠨ | ᠲᠡᠦᠬᠡᠨ ᠶᠠᠪᠤᠴᠠ ᠶᠢ ᠦᠨᠡᠨ ᠮᠦᠨ ᠢᠶᠠᠷ ᠨᠢ ᠲᠤᠳᠤᠷᠠᠭᠤᠯᠵᠠᠢ᠃ ᠦᠵᠡᠭᠦᠯᠭᠡ ᠶᠢᠨ ᠲᠢᠩᠬᠢᠮ ᠳᠠᠬᠢ ᠬᠤᠪᠤᠷ ᠨᠠᠨᠳᠢᠨ | ᠪᠢᠴᠢᠭ ᠮᠠᠲ᠋ᠧᠷᠢᠶᠠᠯ᠂ ᠤᠨ ᠵᠢᠯ ᠢ ᠲᠤᠭᠤᠯᠤᠭᠰᠠᠨ ᠦᠯᠡᠳᠡᠭᠳᠡᠯ ᠪᠤᠳᠠᠰ ᠤᠳ ᠬᠤᠪᠢᠰᠬᠠᠯᠳᠤ ᠰᠤᠶᠤᠯ ᠤᠨ ᠤᠯᠠ ᠮᠦᠷ ᠢ | ᠬᠠᠷᠠᠭᠤᠯᠵᠤ᠂ ᠡᠯᠧᠺᠲᠷᠤᠨ ᠳᠡᠯᠭᠡᠴᠡ ᠪᠠ ᠳᠠᠭᠤ ᠳᠦᠷᠰᠦ ᠰᠢᠩᠭᠡᠭᠡᠯᠳᠡ ᠪᠠᠷ ᠦᠵᠡᠭᠦᠯᠵᠦ ᠪᠠᠶᠢᠭ᠎ᠠ ᠬᠤᠪᠢᠰᠬᠠᠯᠳᠤ | ᠦᠯᠢᠭᠡᠷ ᠬᠦᠮᠦᠰ ᠤᠨ ᠰᠡᠳᠭᠢᠯ ᠢ ᠡᠷᠭᠡ ᠦᠭᠡᠢ ᠲᠤᠬᠳᠤᠯᠤᠭᠤᠯᠤᠨᠠ᠃ | ᠤᠷᠳᠤ ᠰᠠᠨᠳᠠᠯᠢ᠂ ᠬᠢᠴᠢᠶᠡᠯ ᠤᠨ ᠰᠢᠷᠡᠭᠡ᠂ ᠯᠠ ᠶᠢᠨ ᠱᠤᠭᠤᠮᠠᠯ ᠁ ᠰᠤᠷᠪᠤᠯᠵᠢᠯᠠᠭᠴᠢ ᠨᠠᠶᠢᠷᠠᠭᠤᠯᠤᠭᠴᠢ ᠶᠢ | 1947 ᠤᠨ ᠳᠤ ᠪᠤᠴᠠᠭᠤᠯᠪᠠ᠃ | ᠬᠢᠩᠭᠠᠨ ᠠᠶᠢᠮᠠᠭ ᠤᠨ ᠤᠯᠠᠭᠠᠨᠮᠦ᠋ᠴᠢᠷ ᠤᠨ ᠬᠡᠰᠢᠭᠦᠳ ᠠᠬᠤᠢ ᠦᠵᠡᠭᠳᠡᠯᠳᠦ ᠤᠬᠤᠷ ᠵᠦᠴᠦᠭᠡ ᠶᠢ ᠡ᠊ᠨᠳᠡ | ᠳᠤᠭᠯᠠᠵᠤ᠂ ᠤᠮᠠᠷᠠᠳᠦ ᠬᠢᠯᠢ ᠶᠢᠨ ᠰᠤᠶᠤᠯ ᠢ ᠬᠦᠭᠵᠢᠭᠦᠯᠦᠨ ᠮᠠᠨᠳᠤᠭᠤᠯᠬᠤ᠂ ᠬᠤᠪᠢᠰᠬᠠᠯᠳᠤ ᠤᠳᠤᠮᠰᠢᠯ ᠢ ᠵᠠᠯᠭᠠᠮᠵᠢᠯᠠᠬᠤ | ᠰᠡᠳᠭᠢᠯᠭᠡ ᠪᠠᠨ ᠢᠯᠡᠷᠡᠭᠦᠯᠦᠨ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠳᠤᠤᠷ᠎ᠠ ᠦᠪᠦᠷ | ᠮᠤᠩᠭᠤᠯ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠪᠦᠯᠬᠦᠮᠳᠡᠨ ᠲᠡᠮᠡᠴᠡᠬᠦ ᠵᠤᠷᠢᠭ ᠢ ᠢᠯᠡᠳᠭᠡᠵᠠᠢ᠃ | ︽ᠡᠶᠢᠮᠦᠷᠬᠦᠦ ᠳᠤᠭᠯᠠᠬᠤ ᠬᠡᠯᠪᠡᠷᠢ ᠨᠡᠭᠡᠷᠡᠨ ᠭᠠᠶᠢᠬᠠᠯᠳᠠᠢ᠃ ᠤᠳᠬ᠎ᠠ ᠬᠦᠨ ᠠᠭᠤᠯᠭ᠎ᠠ ᠪᠠᠶᠠᠯᠢᠭ ᠵᠦᠴᠦᠭᠡ ᠶᠢᠨ | ᠦᠯᠢᠭᠡᠷ ᠢᠶᠠᠷ ᠬᠦᠮᠦᠰ ᠤᠨ ᠰᠡᠳᠬᠢᠯ ᠢ ᠲᠤᠬᠳᠤᠯᠤᠭᠤᠯᠵᠦ᠂ ᠦᠪᠦᠷ ᠮᠤᠩᠭᠤᠯ ᠤᠨ ᠬᠤᠪᠢᠰᠬᠠᠯᠳᠤ ᠦᠯᠢᠭᠡᠷ ᠢ ᠮᠠᠰᠢ | ᠠᠮᠢᠳᠤᠯᠢᠭ ᠪᠤᠯᠭᠠᠵᠠᠢ︾ ᠭᠡᠵᠦ ᠪᠡᠭᠡᠵᠢᠩ ᠤᠨ ᠡᠳᠦᠷ ᠤᠨ ᠰᠤᠨᠢᠨ ᠤ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠡᠷᠡᠭᠦᠯ | ᠬᠠᠮᠠᠭᠠᠯᠠᠯ ᠤᠨ ᠰᠤᠨᠢᠨ ᠮᠡᠳᠡᠭᠡᠨ ᠤ ᠬᠡᠯᠳᠡᠰ ᠤᠨ ᠰᠤᠷᠪᠤᠯᠵᠢᠯᠠᠭᠴᠢ ᠸᠠᠩ ᠶᠤᠤ ᠴᠢ ᠭᠦᠨ ᠲᠦᠷᠦᠭᠳᠡᠯ ᠲᠠᠢ ᠶᠠᠷᠢᠨ᠎ᠠ᠃ | ︽ᠳᠢ ᠳᠢ ᠳᠢ︾ ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠳᠠᠬᠢ ᠠᠵᠢᠯ ᠤᠨ ᠬᠤᠷᠢᠶ᠎ᠠ ᠶᠢᠨ | ᠬᠠᠭᠤᠴᠢᠨ ᠠᠯᠪᠠᠨ ᠭᠡᠷ ᠲᠤ ᠠᠯᠬᠤᠨ ᠤᠷᠤᠪᠠᠯ ᠴᠢᠬᠢᠨ ᠳᠤ ᠰᠤᠨᠤᠷᠳᠠᠬᠤ ᠴᠠᠬᠢᠯᠭᠠᠨ ᠮᠡᠳᠡᠭᠡ ᠶᠢᠨ ᠳᠠᠭᠤ ᠬᠦᠮᠦᠰ ᠢ | ᠭᠠᠶᠢᠬᠠᠮᠰᠢᠭᠳᠤ ᠤᠨ ᠰᠠᠷ᠎ᠠ ᠳᠤ ᠳᠠᠳᠠᠨ ᠠᠪᠠᠴᠢᠪᠠ᠃ ᠡᠨᠡ ᠬᠦ 1934 ᠤᠨ ᠳᠤ ᠪᠠᠶᠢᠭᠤᠯᠤᠭᠳᠠᠭᠰᠠᠨ ᠠᠯᠪᠠᠯᠠᠬᠤ | ᠠᠰᠠᠷ ᠨᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠳᠤ ᠬᠦᠭᠵᠢᠨ ᠪᠤᠵᠠᠭᠠᠶᠢᠷᠠᠵᠤ᠂ ᠦᠪᠦᠷ | ᠮᠤᠩᠭᠤᠯ ᠤᠨ ᠬᠤᠪᠢᠰᠬᠠᠯ ᠪᠠ ᠪᠦᠲᠦᠭᠡᠨ ᠪᠠᠶᠢᠭᠤᠯᠤᠯᠳᠠ ᠶᠢᠨ ᠦᠢᠯᠡᠰ ᠢ ᠤᠳᠤᠷᠢᠳᠤᠭᠰᠠᠨ ᠲᠡᠤᠬᠡᠨ ᠭᠡᠷᠡᠴᠢ ᠪᠤᠯᠬᠤ ᠶᠤᠮ | ᠃ ︽ᠬᠤᠪᠢᠰᠬᠠᠯ ᠤᠨ ᠬᠠᠭᠤᠴᠢᠨ ᠪᠠᠭᠤᠷᠢ ᠶᠢ ᠰᠠᠶᠢᠳᠦᠷ ᠬᠠᠮᠠᠭᠠᠯᠠᠵᠤ ᠰᠠᠶᠢᠳᠦᠷ ᠠᠰᠢᠭᠯᠠᠬᠤ ᠨᠢ ᠳᠤᠮᠳᠠᠳᠤ ᠶᠢᠨ | ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠳᠤ ᠴᠢᠬᠤᠯᠠ ᠠᠴᠢ ᠬᠤᠯᠪᠤᠭᠳᠠᠯ ᠲᠠᠢ᠂ | ᠡᠨᠡ ᠵᠢᠯ ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠳᠠᠬᠢ ᠠᠵᠢᠯ ᠤᠨ ᠬᠤᠷᠢᠶ᠎ᠠ ᠶᠢᠨ ᠬᠠᠭᠤᠴᠢᠨ | ᠠᠯᠪᠠᠨ ᠭᠡᠷ ᠲᠤ ᠴᠠᠬᠢᠯᠭᠠᠨ ᠮᠡᠳᠡᠭᠡ ᠶᠢᠨ ᠳᠠᠭᠤᠷᠢᠶᠠᠮᠠᠯ ᠬᠢᠴᠢᠶᠡᠯ ᠤᠨ ᠭᠡᠷ ᠢ ᠰᠢᠨ᠎ᠠ ᠪᠠᠷ ᠪᠠᠶᠢᠭᠤᠯᠵᠤ᠂ ᠵᠢᠭᠤᠯᠴᠢᠯᠠᠭᠴᠢᠳ | ᠴᠠᠬᠢᠯᠭᠠᠨ ᠮᠡᠳᠡᠭᠡ ᠶᠠᠪᠤᠭᠤᠯᠬᠤ ᠪᠠ ᠬᠦᠯᠢᠶᠡᠨ ᠠᠪᠬᠤ ᠶᠢ ᠡ᠊ᠨᠳᠡ ᠠᠴᠠ ᠪᠡᠶᠡᠴᠢᠯᠡᠨ ᠤᠶᠢᠯᠠᠭᠠᠵᠤ ᠪᠤᠯᠤᠨ᠎ᠠ︾ ᠭᠡᠵᠦ | ᠦᠪᠦᠷ ᠮᠤᠩᠭᠤᠯ ᠤᠨ ᠦᠨᠳᠦᠰᠦᠳᠡᠨ ᠤ ᠴᠢᠯᠦᠭᠡᠯᠡᠯᠳᠡ ᠶᠢᠨ ᠳᠤᠷᠠᠰᠬᠠᠯ ᠤᠨ ᠤᠷᠳᠤᠨ ᠤ ᠬᠠᠭᠤᠴᠢᠨ ᠪᠠᠭᠤᠷᠢ ᠶᠢᠨ | ᠬᠡᠯᠳᠡᠰ ᠤᠨ ᠳᠠᠷᠤᠭ᠎ᠠ ᠸᠠᠩ ᠶᠠ ᠸᠧᠢ ᠬᠡᠯᠡᠪᠡ᠃ | ᠤᠶᠢᠯᠠᠭᠠᠭᠰᠠᠨ ᠢᠶᠠᠷ᠂ ᠤᠶᠢᠷ᠎ᠠ ᠶᠢᠨ ᠵᠢᠯ ᠳᠤ ᠬᠢᠩᠭᠠᠨ ᠠᠶᠢᠮᠠᠭ ᠬᠤᠪᠢᠰᠬᠠᠯ ᠤᠨ ᠦᠯᠡᠳᠡᠭᠳᠡᠯ ᠪᠠᠭᠤᠷᠢ ᠶᠢ | ᠬᠠᠮᠠᠭᠠᠯᠠᠬᠤ ᠪᠠ ᠰᠡᠯᠪᠢᠨ ᠵᠠᠰᠠᠬᠤ ᠠᠵᠢᠯ ᠢ ᠮᠠᠰᠢ ᠬᠦᠨᠳᠦᠳᠭᠡᠵᠦ᠂ ᠲᠡᠦᠬᠡ ᠶᠢᠨ ᠳᠤᠷᠠᠰᠬᠠᠯᠳᠦ ᠵᠦᠢᠯ ᠤᠨ ᠤᠤᠯ | ᠲᠦᠷᠰᠦ ᠶᠢ ᠰᠡᠷᠭᠦᠭᠡᠨ᠂ ᠳᠡᠯᠭᠡᠨ ᠦᠵᠡᠭᠦᠯᠵᠦ ᠠᠰᠢᠭᠯᠠᠬᠤ ᠲᠠᠯ᠎ᠠ ᠪᠠᠷ ᠰᠢᠨ᠎ᠠ ᠶᠢ ᠡᠭᠦᠳᠴᠠᠢ᠃ ᠤᠳᠤ ︽ᠨᠢᠭᠡ | ᠳᠤᠷᠠᠰᠬᠠᠯ ᠤᠨ ᠤᠷᠳᠤᠨ ᠭᠤᠷᠪᠠᠨ ᠬᠠᠭᠤᠴᠢᠨ ᠪᠠᠭᠤᠷᠢ︾ ᠪᠠᠷ ᠭᠤᠤᠯ ᠪᠤᠯᠭᠠᠭᠰᠠᠨ ᠬᠤᠪᠢᠰᠬᠠᠯᠳᠤ ᠬᠦᠮᠦᠵᠢᠯ ᠤᠨ | ᠵᠢᠭᠤᠯᠴᠢᠯᠠᠯ ᠤᠨ ᠭᠠᠵᠠᠷ ᠨᠢ ᠬᠢᠩᠭᠠᠨ ᠠᠶᠢᠮᠠᠭ ᠤᠨ ᠵᠢᠭᠤᠯᠴᠢᠯᠠᠯ ᠤᠨ ᠬᠢᠯᠡᠰ ᠴᠡᠭ ᠪᠤᠯᠤᠭᠰᠠᠨ ᠪᠠᠶᠢᠨ᠎ᠠ᠃ | · ᠭᠤᠤ ᠮᠢᠨ ᠨᠠ ᠭᠦᠸᠧ ᠯᠢ ᠨᠠ · | |