ᠠᠰᠠᠷ ᠤᠨ ᠭᠡᠷ ᠢᠶᠠᠨ ᠵᠠᠰᠠᠬᠤ ᠳᠠᠭᠠᠨ ᠵᠡᠷᠭᠡᠯᠡᠳᠡᠭᠡ ᠠᠶᠢᠯ ᠤᠨ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠢ
ᠨᠡᠶᠢᠲᠡᠯᠡᠭᠰᠡᠨ ᠴᠠᠭ᠄
2024/7/15
     ᠠᠮᠢᠳᠤᠷᠠᠯ ᠤᠨ ᠣᠷᠣᠨ ᠵᠠᠢ ᠪᠠ ᠣᠷᠴᠢᠨ ᠲᠣᠭᠤᠷᠢᠨ ᠢᠶᠠᠨ ᠰᠠᠶᠢᠵᠢᠷᠠᠭᠤᠯᠬᠤ ᠶᠢᠨ ᠲᠥᠯᠥᠭᠡ᠂ ᠮᠠᠰᠢ ᠤᠯᠠᠨ ᠭᠡᠷ ᠪᠦᠯᠢ ᠶᠢᠨ ᠬᠢᠨ ᠭᠡᠷ ᠪᠠᠶᠢᠰᠢᠩ ᠢᠶᠠᠨ ᠵᠠᠰᠠᠵᠤ ᠴᠢᠮᠡᠭᠯᠡᠬᠦ ᠪᠠ ᠬᠡᠰᠡᠭ ᠲᠠᠯ᠎ᠠ ᠶᠢᠨ ᠥᠭᠡᠷᠡᠴᠢᠯᠡᠯᠲᠡ ᠬᠢᠳᠡᠭ᠃ ᠭᠡᠪᠡᠴᠦ ᠵᠠᠰᠠᠨ ᠴᠢᠮᠡᠭᠯᠡᠵᠦ ᠥᠭᠡᠷᠡᠴᠢᠯᠡᠬᠦ ᠶᠠᠪᠤᠴᠠ ᠳᠤ ᠪᠠᠰᠠ ᠭᠡᠷ ᠪᠠᠶᠢᠰᠢᠩ ᠤᠨ ᠪᠦᠲᠦᠴᠡ ᠶᠢ ᠳᠤᠷ᠎ᠠ ᠪᠠᠷ ᠢᠶᠠᠨ ᠥᠭᠡᠷᠡᠴᠢᠯᠡᠵᠦ᠂ ᠬᠦᠷᠰᠢ ᠵᠡᠷᠭᠡᠯᠡᠳᠡᠭᠡ ᠠᠶᠢᠯ ᠤᠨ ᠢᠶᠠᠨ ᠡᠷᠬᠡ ᠠᠰᠢᠭ ᠢ ᠬᠤᠬᠢᠷᠠᠭᠤᠯᠬᠤ ᠪᠠᠶᠢᠳᠠᠯ ᠦᠷᠭᠦᠯᠵᠢ ᠭᠠᠷᠳᠠᠭ᠃      ᠪᠡᠭᠡᠵᠢᠩ ᠬᠤᠲᠠ ᠶᠢᠨ ᠨᠢᠭᠡᠨ ᠰᠠᠭᠤᠭᠠᠯᠢ ᠲᠤᠭᠤᠷᠢᠭ ᠤᠨ 202 ᠭᠡᠷ ᠤᠨ ᠡᠵᠡᠨ ᠵᠠᠩ ᠠᠪᠤᠭᠠᠢ ᠥᠪᠡᠷ ᠤᠨ ᠲᠣᠭᠤᠭᠠᠨ ᠭᠡᠷ ᠤᠨ ᠬᠢᠨᠢ ᠠᠲᠠᠷ ᠠᠴᠠ ᠤᠰᠤ ᠭᠤᠭᠤᠵᠢᠭᠰᠠᠨ ᠢ ᠣᠯᠵᠤ ᠮᠡᠳᠡᠵᠡᠢ᠃ ᠨᠠᠷᠢᠨ ᠪᠠᠶᠢᠴᠠᠭᠠᠬᠤ ᠪᠠᠷ ᠳᠠᠮᠵᠢᠨ ᠤᠰᠤ ᠨᠢ ᠠᠰᠠᠷ ᠳᠡᠭᠡᠷᠡᠬᠢ 302 ᠭᠡᠷ ᠠᠴᠠ ᠭᠤᠭᠤᠵᠢᠭᠰᠠᠨ ᠬᠡᠮᠡᠨ ᠲᠡᠷᠡ ᠦᠵᠡᠵᠦ᠂ ᠠᠰᠠᠷ ᠳᠡᠭᠡᠷ᠎ᠡ ᠭᠠᠷᠴᠤ ᠪᠠᠶᠢᠴᠠᠭᠠᠨ ᠦᠵᠡᠭᠰᠡᠨ ᠤ ᠳᠠᠷᠠᠭ᠎ᠠ᠂ ᠥᠪᠡᠷ ᠤᠨ ᠲᠣᠭᠤᠭᠠᠨ ᠭᠡᠷ ᠤᠨ ᠳᠡᠭᠡᠷ᠎ᠡ ᠲᠠᠯ᠎ᠠ ᠨᠢ ᠲᠡᠭᠡᠷ᠎ᠡ ᠠᠶᠢᠯ ᠤᠨ ᠬᠢᠨᠢ ᠠᠷᠢᠭᠤᠨ ᠴᠡᠪᠡᠷ ᠤᠨ ᠲᠠᠰᠤᠯᠭ᠎ᠠ ᠪᠣᠯᠬᠤ ᠶᠢ ᠣᠯᠵᠤ ᠮᠡᠳᠡᠪᠡ᠃      ᠤᠤᠯ ᠨᠢ 302 ᠭᠡᠷ ᠤᠨ ᠡᠵᠡᠨ ᠭᠤᠤ ᠠᠪᠤᠭᠠᠢ ᠠᠷᠢᠭᠤᠨ ᠴᠡᠪᠡᠷ ᠤᠨ ᠲᠠᠰᠤᠯᠭ᠎ᠠ ᠶᠢᠨ ᠣᠷᠣᠨ ᠪᠠᠶᠢᠷᠢ ᠶᠢ ᠳᠤᠷ᠎ᠠ ᠪᠠᠷ ᠢᠶᠠᠨ ᠥᠭᠡᠷᠡᠴᠢᠯᠡᠵᠦ᠂ ᠠᠷᠢᠭᠤᠨ ᠴᠡᠪᠡᠷ ᠤᠨ ᠳᠠᠰᠤᠯᠭ᠎ᠠ ᠪᠠᠨ ᠶᠠᠬ ᠰᠠᠶ᠋ᠢᠬᠠᠨ ᠵᠠᠩ ᠠᠪᠤᠭᠠᠢ ᠶᠢᠨ ᠬᠡᠷ ᠤᠨ ᠲᠤᠭᠤᠭᠠᠨ ᠬᠡᠷ ᠤᠨ ᠲᠡᠭᠡᠷ᠎ᠡ ᠲᠠᠯ᠎ᠠ ᠳᠤ ᠪᠠᠶᠢᠷᠢᠯᠠᠭᠤᠯᠤᠬᠰᠠᠨ ᠪᠠᠶᠢᠪᠠ᠃ ᠵᠠᠩ ᠠᠪᠤᠭᠠᠢ ᠶᠢᠨ ᠨᠢᠭᠡ ᠭᠡᠷ ᠤᠨ ᠬᠢᠨ ᠡᠨᠡᠬᠦ ᠪᠠᠶᠢᠳᠠᠯ ᠢ ᠬᠦᠯᠢᠶᠡᠨ ᠠᠪᠬᠤ ᠳᠤ ᠪᠡᠷᠬᠡ ᠪᠠᠶᠢᠵᠤ᠂ ᠬᠡᠳᠦᠨᠳᠡ ᠵᠥᠪᠳᠡᠯᠴᠡᠭᠡᠳ ᠦᠷ᠎ᠡ ᠳ᠋ᠦᠩ ᠭᠠᠷᠤᠭᠰᠠᠨ ᠦᠭᠡᠢ ᠪᠣᠯᠬᠤᠷ ᠭᠤᠤ ᠣᠪᠣᠭᠲᠤ ᠶᠢ ᠰᠢᠭᠦᠬᠦ ᠬᠤᠷᠢᠶᠠᠨ ᠳᠤ ᠵᠠᠭᠠᠯᠳᠤᠵᠤ᠂ ᠨᠦᠭᠦᠭᠡ ᠡᠲᠡᠭᠡᠳ ᠢᠶᠠᠷ ᠭᠡᠷ ᠪᠠᠶᠢᠰᠢᠩ ᠤᠨ ᠪᠦᠲᠦᠴᠡ ᠶᠢᠨ ᠪᠠᠶᠢᠷᠢᠰᠢᠯ ᠢ ᠰᠡᠷᠭᠦᠭᠡᠯᠭᠡᠬᠦ ᠪᠠᠷ ᠱᠠᠭᠠᠷᠳᠠᠵᠠᠢ᠃      ᠲᠡᠭᠡᠪᠡᠯ ᠥᠪᠡᠷ ᠤᠨ ᠭᠡᠷ ᠢᠶᠠᠨ ᠳᠤᠷ᠎ᠠ ᠪᠠᠷ ᠢᠶᠠᠨ ᠵᠠᠰᠠᠵᠤ ᠪᠣᠯᠣᠨ᠎ᠠ ᠦᠦ︖ ︽ᠮᠠᠨ ᠤ ᠤᠯᠤᠰ ᠤᠨ ᠢᠷᠭᠡᠨ ᠤ ᠬᠠᠤᠯᠢ ᠶᠢᠨ ᠪᠢᠴᠢᠭ ᠲᠤ ᠳᠤᠭᠳᠠᠭᠠᠬᠰᠠᠨ ᠢᠶᠠᠷ᠂ ᠦᠯᠦ ᠬᠥᠳᠡᠯᠬᠦ ᠬᠥᠷᠥᠩᠭᠡ ᠶᠢᠨ ᠬᠥᠷᠰᠢ ᠵᠡᠷᠭᠡᠯᠡᠳᠡᠭᠡ ᠶᠢᠨ ᠡᠷᠬᠡᠲᠦ ᠬᠥᠮᠥᠨ ᠨᠢ ᠦᠢᠯᠡᠳᠪᠦᠷᠢᠯᠡᠯ ᠳᠤ ᠠᠰᠢᠭᠲᠠᠢ᠂ ᠠᠮᠢᠳᠤᠷᠠᠯ ᠳᠤ ᠲᠦᠬᠦᠮ᠂ ᠪᠦᠯᠬᠦᠮᠳᠡᠨ ᠬᠠᠪᠰᠤᠷᠤᠯᠴᠠᠬᠤ᠂ ᠲᠥᠪ ᠭᠤᠣᠯᠴᠢ ᠵᠦᠢ ᠵᠣᠬᠢᠰᠲᠠᠢ ᠪᠠᠶᠢᠬᠤ ᠵᠠᠷᠴᠢᠮ ᠶᠣᠰᠣᠭᠠᠷ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠪᠠᠨ ᠵᠥᠪ ᠰᠢᠢᠳᠪᠦᠷᠢᠯᠡᠬᠦ ᠬᠡᠷᠡᠭᠲᠡᠢ︾ ᠭᠡᠰᠡᠨ ᠪᠠᠶᠢᠳᠠᠬ ᠭᠡᠵᠦ ᠪᠡᠭᠡᠵᠢᠩ ᠬᠤᠲᠠ ᠶᠢᠨ ᠭᠤᠷᠪᠠᠳᠤᠭᠠᠷ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠰᠢᠭᠦᠬᠴᠢ ᠰᠢᠶᠠ ᠯᠢ ᠬᠡᠯᠡᠬᠦ ᠶᠢᠨ ᠲᠠᠭᠠᠤ ᠭᠡᠷ ᠪᠠᠶᠢᠰᠢᠩ ᠢᠶᠠᠨ ᠥᠭᠡᠷᠡᠴᠢᠯᠡᠵᠦ ᠵᠠᠰᠠᠬᠤ ᠨᠢ ᠬᠡᠷ ᠤᠨ ᠡᠵᠡᠨ ᠤ ᠡᠷᠬᠡ ᠴᠢᠯᠦᠭᠡ ᠪᠣᠯᠬᠤ ᠪᠣᠯᠪᠠᠴᠤ ᠵᠢᠷᠤᠮᠵᠢᠭᠤᠨ ᠵᠥᠪᠰᠢᠶᠡᠷᠡᠭᠰᠡᠨ ᠬᠡᠪᠴᠢᠶᠡᠨ ᠳᠣᠲᠣᠷ᠎ᠠ ᠪᠠᠶᠢᠬᠤ ᠬᠡᠷᠡᠭᠲᠡᠢ᠃      ᠣᠷᠣᠨ ᠰᠠᠭᠤᠴᠠ ᠶᠢᠨ ᠵᠢᠷᠤᠭ ᠲᠥᠯᠥᠪᠯᠡᠭᠡ ᠶᠢᠨ ᠵᠢᠷᠤᠮᠵᠢᠯ ᠢ ᠦᠨᠳᠦᠰᠦᠯᠡᠨ᠂ ᠵᠣᠷᠯᠣᠩ ᠢ ᠰᠢᠭᠤᠳ ᠳᠣᠣᠷ᠎ᠠ ᠳᠠᠪᠬᠤᠷᠭ᠎ᠠ ᠶᠢᠨ ᠰᠠᠭᠤᠬᠤ ᠡᠷᠦᠬᠡ ᠶᠢᠨ ᠤᠨᠲᠠᠬᠤ ᠥᠷᠥᠭᠡ᠂ ᠵᠤᠴᠢᠨ ᠤ ᠦᠷᠦᠬᠡ᠂ ᠲᠣᠭᠤᠭᠠᠨ ᠭᠡᠷ ᠪᠣᠯᠣᠨ ᠬᠤᠭᠤᠯᠠᠨ ᠭᠡᠷ ᠤᠨ ᠳᠡᠭᠡᠳᠦ ᠳᠠᠪᠬᠤᠷᠭ᠎ᠠ ᠳᠤ ᠪᠠᠶᠢᠷᠢᠯᠠᠭᠤᠯᠵᠤ ᠪᠣᠯᠬᠤ ᠦᠭᠡᠢ᠃ ︽ᠲᠤᠰ ᠵᠦᠢᠯ ᠵᠤᠷᠪᠤᠰ ᠪᠣᠯ ᠠᠯᠪᠠᠳᠠᠯᠭ᠎ᠠ ᠶᠢᠨ ᠴᠢᠨᠠᠷᠲᠠᠢ ᠵᠦᠢᠯ ᠵᠤᠷᠪᠤᠰ ᠲᠤ ᠲᠣᠭᠠᠴᠠᠭᠳᠠᠨ᠎ᠠ︾᠃ ᠰᠢᠭᠦᠬᠦ ᠬᠤᠷᠢᠶ᠎ᠠ ᠰᠢᠭᠦᠭᠰᠡᠨ ᠤ ᠲᠠᠷᠠᠭ᠎ᠠ᠂ 302 ᠭᠡᠷ ᠤᠨ ᠡᠵᠡᠨ ᠤ ᠭᠡᠷ ᠪᠠᠶᠢᠰᠢᠩ ᠤᠨ ᠪᠦᠲᠦᠴᠡ ᠶᠢ ᠬᠤᠪᠢᠷᠠᠭᠤᠯᠤᠭᠰᠠᠨ ᠠᠵᠢᠯᠯᠠᠭ᠎ᠠ ᠨᠢ ᠲᠣᠭᠲᠠᠭᠠᠯ ᠢ ᠵᠥᠷᠢᠴᠡᠭᠰᠡᠨ ᠳᠤ ᠲᠣᠭᠠᠴᠠᠭᠳᠠᠨ᠎ᠠ ᠭᠡᠵᠦ ᠦᠵᠡᠭᠡᠳ᠂ ᠭᠤᠤ ᠠᠪᠤᠭᠠᠢ ᠶᠢ ᠭᠡᠷ ᠪᠠᠶᠢᠰᠢᠩ ᠤᠨ ᠠᠷᠢᠭᠤᠨ ᠴᠡᠪᠡᠷ ᠤᠨ ᠲᠠᠰᠤᠯᠭ᠎ᠠ᠂ ᠲᠣᠭᠤᠭᠠᠨ ᠭᠡᠷ ᠤᠨ ᠪᠦᠲᠦᠴᠡ ᠶᠢ ᠤᠤᠯ ᠪᠠᠶᠢᠳᠠᠯ ᠢᠶᠠᠷ ᠨᠢ ᠰᠡᠷᠭᠦᠭᠡᠯᠭᠡᠬᠦ ᠪᠠᠷ ᠰᠢᠬᠦᠨ ᠳᠠᠰᠤᠯᠵᠠᠢ᠃      ᠭᠡᠷ ᠲᠤ ᠣᠷᠣᠬᠤ ᠡᠭᠦᠳᠡ ᠶᠢ ᠳᠤᠳᠤᠬᠰᠢ ᠨᠡᠭᠡᠭᠡᠳᠡᠭ ᠪᠠᠶᠢᠬᠰᠠᠨ ᠢ ᠭᠠᠳᠠᠬᠰᠢ ᠨᠡᠬᠡᠬᠡᠬᠦ ᠪᠤᠯᠭᠠᠨ ᠦᠭᠡᠷᠡᠴᠢᠯᠡᠭᠰᠡᠨ ᠰᠦᠢ ᠠᠪᠤᠭᠠᠢ ᠶᠢᠨ ᠬᠢᠳᠡᠯ ᠨᠢ ᠵᠡᠷᠭᠡᠯᠡᠳᠡᠭᠡ ᠯᠢ ᠠᠪᠤᠭᠠᠢ ᠶᠢᠨ ᠳᠤᠷ᠎ᠠ ᠦᠭᠡᠶᠢᠴᠡᠯ ᠢ ᠬᠦᠷᠬᠡᠵᠡᠢ᠃ ᠰᠦᠢ ᠠᠪᠤᠭᠠᠢ 1505 ᠥᠷᠥᠭᠡᠨ ᠳᠤ᠂ ᠯᠢ ᠠᠪᠤᠭᠠᠢ 1507 ᠥᠷᠥᠭᠡᠨ ᠳᠤ ᠰᠠᠭᠤᠵᠤ ᠪᠠᠶᠢᠭ᠎ᠠ ᠪᠤᠯᠬᠤᠷ ᠬᠠᠮᠳᠤ ᠨᠢᠬᠡᠨ ᠶᠠᠪᠤᠬᠤ ᠵᠠᠮ ᠢ ᠬᠡᠷᠡᠭᠯᠡᠵᠦ᠂ ᠬᠤᠶᠠᠷ ᠡᠷᠦᠬᠡ ᠶᠢᠨ ᠤᠷᠤᠬᠤ ᠡᠬᠦᠳᠡ ᠨᠢ 90 ᠭᠷᠡᠳᠦ᠋ᠰ ᠤᠨ ᠬᠠᠪᠴᠢᠭᠰᠠᠨ ᠥᠨᠴᠥᠭ ᠲᠠᠢ᠃ ᠯᠢ ᠠᠪᠤᠭᠠᠢ ᠶᠢᠨ ᠦᠵᠡᠬᠦ ᠪᠠᠷ᠂ ᠰᠦᠢ ᠠᠪᠤᠭᠠᠢ ᠶᠢᠨ ᠭᠡᠷ ᠢᠶᠠᠨ ᠦᠭᠡᠷᠡᠴᠢᠯᠡᠭᠰᠡᠨ ᠨᠢ ᠥᠪᠡᠷ ᠤᠨ ᠶᠠᠪᠤᠵᠤ ᠰᠠᠭᠤᠬᠤ ᠵᠢᠴᠢ ᠠᠮᠤᠷ ᠲᠦᠪᠰᠢᠨ ᠳᠤ ᠬᠤᠬᠢᠷᠠᠯ ᠤᠴᠠᠷᠠᠭᠤᠯᠤᠬᠰᠠᠨ ᠭᠡᠵᠡᠢ᠃ ᠵᠥᠪᠳᠡᠯᠴᠡᠭᠡᠳ ᠦᠷ᠎ᠡ ᠳ᠋ᠦᠩ ᠭᠠᠷᠤᠭᠰᠠᠨ ᠦᠭᠡᠢ ᠪᠠᠶᠢᠳᠠᠯ ᠳᠣᠣᠷ᠎ᠠ᠂ ᠯᠢ ᠠᠪᠤᠭᠠᠢ ᠰᠢᠭᠦᠬᠦ ᠬᠤᠷᠢᠶᠠᠨ ᠳᠤ ᠵᠠᠭᠠᠯᠳᠤᠨ᠂ ᠬᠡᠷ ᠲᠤ ᠤᠷᠤᠬᠤ ᠡᠭᠦᠳᠡ ᠪᠠᠨ ᠤᠤᠯ ᠶᠠᠩᠵᠤ ᠪᠠᠷ ᠨᠢ ᠦᠭᠡᠷᠡᠴᠢᠯᠡᠬᠦ ᠶᠢ ᠱᠠᠭᠠᠷᠳᠠᠪᠠ᠃      ᠵᠢᠭᠤᠷᠠᠯᠳᠤᠭᠠᠨ ᠡᠭᠦᠰᠦᠭᠰᠡᠨ ᠤ ᠲᠠᠷᠠᠭ᠎ᠠ᠂ ᠰᠦᠢ ᠠᠪᠤᠭᠠᠢ ᠣᠷᠣᠨ ᠰᠠᠭᠤᠴᠠ ᠶᠢᠨ ᠬᠡᠯᠪᠡᠷᠢ ᠶᠢᠨ ᠵᠢᠷᠤᠭ ᠢ ᠪᠠᠶᠢᠴᠠᠭᠠᠨ ᠦᠵᠡᠬᠦ ᠳᠡᠭᠡᠨ᠂ ᠯᠢ ᠠᠪᠤᠭᠠᠢ ᠭᠡᠷ ᠤᠨ ᠡᠭᠦᠳᠡ ᠪᠠᠨ ᠰᠢᠯᠵᠢᠭᠦᠯᠵᠦ ᠥᠩᠭᠡᠷᠡᠭᠰᠡᠨ ᠪᠥᠭᠡᠳ ᠤᠤᠯ ᠤᠨ ᠣᠷᠣᠨ ᠪᠠᠶᠢᠷᠢ ᠠᠴᠠ ᠨᠢ 55 ᠰᠠᠨᠲ᠋ᠢᠮᠧᠲᠷ ᠭᠠᠳᠠᠬᠰᠢ ᠲᠦᠯᠬᠢᠵᠦ᠂ ᠬᠠᠮᠳᠤ ᠨᠡᠶᠢᠳᠡ ᠶᠢᠨ ᠨᠡᠪᠲᠡᠷᠡᠬᠦ ᠵᠠᠮ ᠢ ᠡᠵᠡᠯᠡᠭᠰᠡᠨ ᠢ ᠤᠯᠵᠤ ᠮᠡᠳᠡᠬᠡᠳ᠂ ᠲᠡᠷᠡ ᠳᠠᠷᠤᠢ ᠳᠤᠨᠢ ᠯᠢ ᠠᠪᠤᠭᠠᠢ ᠶᠢᠨ ᠨᠡᠶᠢᠲᠡ ᠶᠢᠨ ᠨᠡᠪᠲᠡᠷᠡᠬᠦ ᠵᠠᠮ ᠢ ᠡᠵᠡᠯᠡᠨ ᠬᠡᠷᠡᠭᠯᠡᠭᠰᠡᠨ ᠪᠠᠶᠢᠳᠠᠯ ᠳᠤ ᠭᠡᠳᠡᠷᠭᠦ ᠵᠠᠭᠠᠯᠳᠤᠯᠭ᠎ᠠ ᠬᠢᠵᠦ᠂ ᠡᠰᠡᠷᠬᠦ ᠡᠳᠡᠬᠡᠳ ᠢᠶᠠᠷ ᠬᠡᠷ ᠲᠤ ᠤᠷᠤᠬᠤ ᠡᠭᠦᠳᠡ ᠶᠢᠨ ᠤᠤᠯ ᠤᠨ ᠪᠠᠶᠢᠳᠠᠯ ᠢ ᠰᠡᠷᠭᠦᠭᠡᠯᠬᠡᠬᠦ ᠪᠠᠷ ᠱᠠᠭᠠᠷᠳᠠᠪᠠ᠃      ︽ᠣᠷᠣᠨ ᠰᠠᠭᠤᠴᠠ ᠶᠢᠨ ᠵᠢᠷᠤᠭ ᠲᠥᠯᠥᠪᠯᠡᠭᠡ ᠳᠤ ᠵᠢᠷᠤᠮᠵᠢᠭᠤᠨ ᠪᠥᠭᠡᠳ ᠲᠣᠳᠣᠷᠬᠠᠢ ᠵᠢᠭᠠᠬᠰᠠᠨ ᠪᠠᠶᠢᠳᠠᠭ᠂ ᠭᠠᠳᠠᠭᠰᠢ ᠨᠡᠭᠡᠭᠡᠬᠦ ᠡᠭᠦᠳᠡ ᠨᠢ ᠣᠯᠠᠨ ᠨᠡᠶᠢᠲᠡ ᠶᠢᠨ ᠭᠠᠷᠴᠤ ᠤᠷᠤᠬᠤ ᠵᠢᠴᠢ ᠬᠥᠷᠰᠢ ᠵᠡᠷᠭᠡᠯᠡᠳᠡᠭᠡ ᠡᠷᠦᠬᠡ ᠶᠢᠨ ᠡᠭᠦᠳᠡ ᠨᠡᠭᠡᠭᠡᠬᠦ ᠶᠢ ᠬᠠᠷᠰᠢᠯᠠᠵᠤ ᠪᠣᠯᠬᠤ ᠦᠭᠡᠢ᠃ ᠡᠭᠦᠨ ᠤ ᠬᠠᠮᠲᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠵᠢᠷᠤᠭ ᠲᠥᠯᠥᠪᠯᠡᠭᠡ ᠳᠤ ᠨᠢᠭᠡᠳᠦᠯᠲᠡᠢ ᠪᠠᠷᠢᠮᠵᠢᠶ᠎ᠠ ᠲᠣᠭᠲᠠᠭᠠᠵᠤ᠂ ᠠᠮᠤᠷ ᠲᠦᠪᠰᠢᠨ ᠤ ᠵᠠᠮ ᠵᠢᠴᠢ ᠠᠰᠠᠷ ᠤᠨ ᠱᠠᠲᠤᠨ ᠤ ᠬᠤᠭᠤᠷᠣᠨᠳᠣᠬᠢ ᠡᠭᠦᠳᠡ ᠴᠣᠩᠬᠤ ᠶᠢ ᠬᠦᠢᠴᠡᠳ ᠨᠡᠭᠡᠭᠡᠭᠰᠡᠨ ᠤ ᠳᠠᠷᠠᠭ᠎ᠠ᠂ ᠶᠠᠪᠤᠬᠤ ᠵᠠᠮ ᠵᠢᠴᠢ ᠠᠰᠠᠷ ᠤᠨ ᠱᠠᠲᠤᠨ ᠤ ᠲᠠᠪᠴᠠᠩ ᠤᠨ ᠲᠠᠷᠬᠠᠭᠠᠬᠤ ᠥᠷᠭᠡᠴᠡ ᠶᠢ ᠨᠥᠯᠥᠭᠡᠯᠡᠵᠦ ᠪᠣᠯᠬᠤ ᠦᠭᠡᠢ︾ ᠭᠡᠵᠦ ᠪᠡᠭᠡᠵᠢᠩ ᠬᠤᠲᠠ ᠶᠢᠨ ᠭᠤᠷᠪᠠᠳᠤᠭᠠᠷ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠰᠢᠭᠦᠭᠴᠢ ᠸᠠᠩ ᠲᠢᠶᠠᠨ ᠱᠦᠢ ᠬᠡᠯᠡᠵᠦ ᠪᠠᠶᠢᠯ᠎ᠠ᠃      ᠲᠤᠰ ᠬᠡᠷᠡᠭ ᠲᠤ ᠯᠢ ᠠᠪᠤᠭᠠᠢ ᠪᠡᠶ᠎ᠡ ᠪᠠᠨ ᠦᠮᠦᠭᠯᠡᠬᠦ ᠳᠡᠭᠡᠨ᠂ ᠲᠤᠬᠠᠢ ᠶᠢᠨ ᠦᠶ᠎ᠡ ᠳᠤ ᠭᠡᠷ ᠤᠨ ᠡᠭᠦᠳᠡ ᠪᠠᠨ ᠰᠢᠯᠵᠢᠬᠦᠯᠬᠦ ᠳᠤ 1505 ᠦᠷᠦᠭᠡ ᠶᠢᠨ ᠤᠤᠯ ᠤᠨ ᠡᠵᠡᠨ ᠤ ᠵᠥᠪᠰᠢᠶᠡᠷᠡᠯ ᠢ ᠣᠯᠣᠭᠰᠠᠨ ᠶᠤᠮ᠂ ᠡᠨᠡ ᠨᠢ ᠰᠦᠢ ᠠᠪᠤᠭᠠᠢ ᠶᠢᠨ ᠵᠣᠷᠢᠯᠲᠠ ᠶᠢ ᠡᠰᠡᠷᠭᠦᠴᠡᠵᠦ ᠪᠣᠯᠬᠤ ᠦᠦ︖ ︽ᠲᠡᠭᠦᠨ ᠤ ᠦᠢᠯᠡ ᠠᠵᠢᠯᠯᠠᠭ᠎ᠠ ᠨᠢ ᠵᠥᠪᠰᠢᠶᠡᠷᠡᠯ ᠣᠯᠣᠭᠰᠠᠨ ᠪᠤᠯᠪᠠᠴᠤ ᠵᠦᠢ ᠶᠣᠰᠣᠴᠢ ᠴᠢᠨᠠᠷ ᠲᠠᠢ ᠪᠢᠰᠢ︾ ᠭᠡᠵᠦ ᠸᠠᠩ ᠲᠢᠶᠠᠨ ᠱᠦᠢ ᠬᠡᠯᠡᠬᠦ ᠶᠢᠨ ᠬᠠᠮᠳᠤ᠂ 1505 ᠥᠷᠥᠭᠡ ᠶᠢᠨ ᠤᠤᠯ ᠤᠨ ᠥᠮᠴᠢᠯᠡᠬᠦ ᠡᠷᠬᠡᠲᠦ ᠬᠥᠮᠥᠨ ᠤ ᠵᠥᠪᠰᠢᠶᠡᠷᠡᠯ ᠨᠢ ᠣᠲᠣ ᠶᠢᠨ ᠪᠠᠶᠢᠭ᠎ᠠ ᠥᠮᠴᠢᠯᠡᠬᠦ ᠡᠷᠬᠡᠲᠦ ᠬᠥᠮᠥᠨ ᠰᠦᠢ ᠠᠪᠤᠭᠠᠢ ᠶᠢᠨ ᠬᠢᠳᠡᠯ ᠢ ᠬᠢᠵᠠᠭᠠᠷᠯᠠᠵᠤ ᠲᠡᠶᠢᠯᠬᠦ ᠦᠭᠡᠢ᠂ ᠯᠢ ᠠᠪᠤᠭᠠᠢ ᠶᠢᠨ ᠣᠯᠠᠨ ᠨᠡᠶᠢᠲᠡ ᠶᠢᠨ ᠨᠡᠪᠲᠡᠷᠡᠬᠦ ᠵᠠᠮ ᠤᠨ ᠣᠷᠣᠨ ᠵᠠᠢ ᠶᠢ ᠰᠢᠬᠠᠨ ᠡᠵᠡᠯᠡᠭᠰᠡᠨ ᠦᠢᠯᠡ ᠠᠵᠢᠯᠯᠠᠭ᠎ᠠ ᠨᠢ ᠰᠦᠢ ᠠᠪᠤᠭᠠᠢ ᠶᠢᠨ ᠥᠯᠥ ᠬᠥᠳᠡᠯᠬᠦ ᠬᠥᠷᠥᠩᠭᠡ ᠶᠢᠨ ᠪᠣᠳᠠᠰ ᠤᠨ ᠡᠷᠬᠡ ᠪᠠᠨ ᠬᠡᠷᠡᠭᠵᠢᠭᠦᠯᠬᠦ ᠳᠤ ᠬᠠᠷᠰᠢ ᠰᠠᠭᠠᠳ ᠤᠴᠠᠷᠠᠭᠤᠯᠵᠤ ᠪᠠᠶᠢᠨ᠎ᠠ ᠭᠡᠵᠡᠢ᠃ ᠰᠢᠭᠦᠬᠦ ᠬᠤᠷᠢᠶ᠎ᠠ ᠠᠴᠠ ᠬᠤᠶᠠᠷ ᠲᠠᠯ᠎ᠠ ᠪᠠᠷ ᠢᠶᠠᠨ ᠴᠥᠮ ᠥᠪᠡᠷ ᠥᠪᠡᠷ ᠤᠨ ᠪᠤᠰᠤᠳ ᠢ ᠬᠠᠷᠰᠢᠯᠠᠬᠰᠠᠨ ᠠᠵᠢᠯᠯᠠᠭ᠎ᠠ ᠪᠠᠨ ᠵᠣᠭᠰᠣᠭᠠᠵᠤ᠂ ᠥᠪᠡᠷᠰᠡᠳ ᠤᠨ ᠭᠡᠷ ᠲᠤ ᠣᠷᠣᠬᠤ ᠡᠭᠦᠳᠡ ᠪᠠᠨ ᠤᠤᠯ ᠪᠠᠶᠢᠳᠠᠯ ᠳᠤᠨᠢ ᠪᠤᠴᠠᠭᠠᠨ ᠰᠡᠷᠬᠦᠬᠡᠬᠦ ᠬᠡᠷᠡᠭᠳᠡᠢ ᠭᠡᠵᠦ ᠰᠢᠬᠦᠨ ᠳᠠᠰᠤᠯᠵᠠᠢ᠃      ᠪᠡᠭᠡᠵᠢᠩ ᠬᠤᠲᠠ ᠶᠢᠨ ᠭᠤᠷᠪᠠᠳᠤᠭᠠᠷ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠠᠴᠠ ᠰᠠᠨᠠᠭᠤᠯᠬᠤ ᠳᠠᠭᠠᠨ᠂ ᠠᠰᠠᠷ ᠢ ᠥᠭᠡᠷᠡᠴᠢᠯᠡᠨ ᠰᠢᠨᠡᠳᠭᠡᠬᠦ ᠵᠢᠷᠤᠭ ᠲᠥᠯᠥᠪᠯᠡᠭᠡ ᠶᠢᠨ ᠲᠥᠰᠥᠯ ᠳᠤ ᠪᠦᠲᠦᠴᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠲᠤᠯᠭᠠᠭᠤᠷ ᠬᠡᠷᠡᠮ᠂ ᠨᠢᠷᠤᠭᠤᠨ ᠤ ᠲᠤᠯᠭᠠᠭᠤᠷ ᠵᠡᠷᠭᠡ ᠵᠠᠩᠭᠢᠯᠠᠭ᠎ᠠ ᠶᠢᠨ ᠪᠦᠲᠦᠴᠡ ᠶᠢᠨ ᠲᠣᠨᠣᠭᠯᠠᠭᠠᠰᠤ ᠶᠢ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠨᠤᠷᠠᠭᠠᠵᠤ ᠪᠣᠯᠬᠤ ᠦᠭᠡᠢ︔ ᠲᠣᠭᠤᠭᠠᠨ ᠭᠡᠷ᠂ ᠠᠷᠢᠭᠤᠨ ᠴᠡᠪᠡᠷ ᠤᠨ ᠲᠠᠰᠤᠯᠭ᠎ᠠ ᠵᠡᠷᠭᠡ ᠣᠨᠴᠠᠭᠠᠶ ᠦᠢᠯᠡᠳᠦᠯ ᠲᠠᠢ ᠣᠷᠣᠨ ᠤ ᠤᠷᠤᠨ ᠪᠠᠶᠢᠷᠢ ᠶᠢ ᠳᠤᠷ᠎ᠠ ᠪᠠᠷ ᠢᠶᠠᠨ ᠰᠣᠯᠢᠵᠤ ᠪᠣᠯᠬᠤ ᠦᠭᠡᠢ᠃          ︵︽ᠳᠤᠮᠳᠠᠳᠤ ᠤᠯᠤᠰ ᠤᠨ ᠮᠤᠩᠭᠤᠯ ᠭᠡᠯᠡᠨ ᠤ ᠰᠤᠨᠢᠨ ᠮᠡᠳᠡᠭᠡ ᠰᠦᠯᠵᠢᠶ᠎ᠠ︾ ᠠᠴᠠ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号