ᠤᠯᠠᠭᠠᠨᠬᠤᠳᠠ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠪᠠᠶᠢᠷᠢ ᠰᠣᠩᠭᠤᠨ ᠲᠥᠪᠬᠢᠨᠡᠭᠦᠯᠬᠦ ᠶᠢ ᠢᠯᠠ ᠲᠣᠳᠣ  ᠡᠷᠬᠡ ᠲᠡᠭᠰᠢ  ᠲᠥᠪ ᠭᠤᠣᠯᠴᠢ  ᠢᠯᠡ ᠪᠠᠶᠢᠯᠭᠠᠬᠤ ᠵᠠᠷᠴᠢᠮ ᠢ ᠵᠢᠷᠤᠮᠯᠠᠵᠠᠶ
ᠨᠡᠶᠢᠲᠡᠯᠡᠭᠰᠡᠨ ᠴᠠᠭ᠄
2024/7/16
  ᠤᠶᠢᠷ᠎ᠠ ᠳᠤ᠂ ᠤᠯᠠᠭᠠᠨᠬᠤᠲᠠ 2024 ᠣᠨ ᠤ ᠵᠠᠰᠠᠭ ᠤᠨ ᠣᠷᠳᠣᠨ ᠤ ᠠᠵᠢᠯᠯᠠᠬᠤ ᠨᠥᠬᠦᠴᠡᠯ ᠳᠤ ᠨᠡᠶᠢᠴᠡᠬᠦ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠪᠠᠶᠢᠷᠢ ᠰᠣᠩᠭᠤᠨ ᠲᠥᠪᠬᠢᠨᠡᠭᠦᠯᠬᠦ ᠠᠵᠢᠯ ᠤᠨ ᠬᠤᠷᠠᠯ ᠬᠤᠷᠠᠯᠳᠤᠭᠤᠯᠪᠠ᠃ ᠤᠯᠠᠭᠠᠨᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠵᠢᠴᠢ ᠠᠶᠢᠮᠠᠭ ᠬᠤᠲᠠ ᠶᠢᠨ ᠬᠠᠮᠢᠶ᠎ᠠ ᠪᠥᠬᠦᠶ  ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠳ ᠲᠤᠰ ᠤᠳᠠᠭᠠᠨ ᠤ ᠬᠤᠷᠠᠯ ᠳᠤ ᠣᠷᠣᠯᠴᠠᠵᠠᠶ᠃        ᠬᠤᠷᠠᠯ ᠳᠡᠭᠡᠷ᠎ᠡ᠂ ᠤᠯᠠᠭᠠᠨᠬᠤᠲᠠ ᠶᠢᠨ ᠴᠡᠷᠢᠭ  ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ︽ᠤᠯᠠᠭᠠᠨᠬᠤᠲᠠ ᠶᠢᠨ ᠵᠠᠰᠠᠭ ᠤᠨ ᠣᠷᠳᠣᠨ ᠤ ᠠᠵᠢᠯ ᠳᠣᠭᠢᠷᠠᠭᠤᠯᠬᠤ ᠨᠥᠬᠦᠴᠡᠯ ᠳᠤ ᠨᠡᠶᠢᠴᠡᠬᠦ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠲᠥᠰᠦᠯ︾ ᠵᠢᠴᠢ ᠬᠡᠮᠵᠢᠶᠡᠵᠢᠭᠦᠯᠦᠨ ᠬᠤᠪᠢ ᠲᠣᠭᠲᠠᠭᠠᠵᠤ᠂ ᠲᠥᠪᠬᠢᠨᠡᠭᠦᠯᠬᠦ ᠨᠥᠬᠦᠴᠡᠯ ᠳᠤ ᠨᠡᠶᠢᠴᠡᠬᠦ ᠴᠡᠷᠢᠭ ᠠᠴᠠ ᠬᠠᠯᠠᠭᠳᠠᠭᠰᠠᠨ 8 ᠪᠠᠶᠢᠯᠳᠤᠭᠴᠢ ᠠᠵᠢᠯ ᠤᠨ ᠪᠠᠶᠢᠷᠢ ᠰᠣᠩᠭᠤᠪᠠ᠃  ᠲᠣᠰ ᠤᠳᠠᠭᠠᠨ ᠤ ᠠᠵᠢᠯ ᠤᠨ ᠪᠠᠶᠢᠷᠢ ᠰᠣᠩᠭᠤᠨ ᠲᠥᠪᠬᠢᠨᠡᠭᠦᠯᠬᠦ ᠠᠵᠢᠯ ᠤᠨ ᠬᠤᠷᠠᠯ ᠳᠡᠭᠡᠷ᠎ᠡ ᠨᠡᠶᠢᠲᠡ  ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠶᠢ 13᠂  ᠲᠥᠪ ᠤᠨ ᠠᠵᠤ ᠠᠬᠤᠶᠢᠯᠠᠯ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ 15᠂ ᠨᠡᠶᠢᠲᠡ 28 ᠠᠵᠢᠯ ᠤᠨ ᠪᠠᠶᠢᠷᠢ ᠬᠠᠩᠭᠠᠵᠤ᠂ ᠲᠥᠪᠬᠢᠨᠡᠭᠦᠯᠬᠦ ᠨᠥᠬᠦᠴᠡᠯ ᠳᠤ ᠨᠡᠶᠢᠴᠡᠬᠦ ᠴᠡᠷᠢᠭ ᠠᠴᠠ ᠬᠠᠯᠠᠭᠳᠠᠭᠰᠠᠨ 8 ᠪᠠᠶᠢᠯᠳᠤᠭᠴᠢ ᠪᠠᠷ ᠰᠣᠩᠭᠤᠯᠲᠠ ᠬᠢᠯᠭᠡᠪᠡ ᠃ ᠬᠤᠷᠠᠯ ᠠᠴᠠ ︽ᠬᠡᠮᠵᠢᠶᠡᠵᠢᠭᠦᠯᠦᠨ ᠬᠤᠪᠢ ᠲᠣᠭᠲᠠᠭᠠᠬᠤ᠂ ᠳᠡᠰ ᠳᠠᠷᠠᠭᠠᠯᠠᠯ ᠲᠠᠢ ᠪᠠᠷ ᠠᠵᠢᠯ ᠤᠨ ᠪᠠᠶᠢᠷᠢ ᠰᠣᠩᠭᠤᠬᠤ︾ ᠵᠠᠷᠴᠢᠮ ᠢ ᠪᠠᠷᠢᠮᠲᠠᠯᠠᠵᠤ᠂ ᠲᠥᠪᠬᠢᠨᠡᠭᠦᠯᠬᠦ ᠡᠲᠡᠭᠡᠳ ᠨᠢ ᠬᠡᠮᠵᠢᠶᠡᠵᠢᠭᠦᠯᠦᠨ ᠬᠤᠪᠢ ᠲᠣᠭᠲᠠᠭᠠᠵᠤ ᠵᠢᠭᠰᠠᠭᠠᠬᠤ ᠶᠢ ᠦᠨᠳᠦᠰᠦᠯᠡᠨ᠂ ᠳᠡᠭᠡᠷ᠎ᠡ ᠠᠴᠠ ᠳᠣᠤᠷ᠎ᠠ ᠲᠡᠰ ᠳᠠᠷᠠᠭᠠᠯᠠᠯ ᠲᠠᠢ ᠪᠡᠶ᠎ᠡ ᠪᠠᠨ ᠳᠠᠭᠠᠭᠠᠵᠤ ᠠᠵᠢᠯ ᠤᠨ ᠪᠠᠶᠢᠷᠢ ᠰᠣᠩᠭᠤᠬᠤ ᠬᠦᠷᠲᠡᠯ᠎ᠡ ᠲᠤᠬᠠᠶ ᠶᠢᠨ ᠲᠠᠯᠠᠪᠠᠢ ᠳᠤ ᠠᠵᠢᠯ ᠤᠨ ᠪᠠᠶᠢᠷᠢ ᠰᠣᠩᠭᠤᠭᠰᠠᠨ ᠦᠷ᠎ᠡ ᠳ᠋ᠦᠩ ᠢ ᠢᠯᠡ ᠪᠣᠯᠭᠠᠵᠤ᠂ ᠠᠵᠢᠯ ᠤᠨ ᠪᠠᠶᠢᠷᠢ ᠰᠣᠩᠭᠤᠬᠤ ᠪᠦᠬᠦ ᠶᠠᠪᠤᠴᠠ ᠳᠤ ᠬᠢᠨᠠᠯᠲᠠ ᠲᠠᠯᠪᠢᠬᠤ᠂ ᠵᠢᠷᠤᠮᠵᠢᠭᠤᠯᠤᠨ ᠠᠵᠢᠯᠯᠠᠭᠤᠯᠬᠤ᠂ ᠢᠯᠡ ᠪᠠᠷ ᠠᠵᠢᠯᠯᠠᠬᠤ ᠶᠢ ᠪᠡᠶᠡᠯᠡᠭᠦᠯᠵᠦ᠂ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ᠂ ᠢᠯᠡ ᠪᠠᠶᠢᠯᠭᠠᠬᠤ ᠵᠠᠷᠴᠢᠮ ᠢ ᠵᠢᠷᠤᠮᠯᠠᠵᠠᠶ᠃  
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号