ᠬᠢᠩᠭᠠᠨ ᠠᠶᠢᠮᠠᠭ ᠤᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ︽ᠠᠮᠤᠷ ᠠᠮᠤᠭᠤᠯᠠᠩ ᠡᠮᠨᠡᠯᠬᠡ ᠶᠢᠨ ᠬᠤᠷᠢᠶ᠎ᠠ︾ ᠶᠢᠨ ᠪᠠᠶᠢᠭᠤᠯᠤᠯᠳᠠ ᠶᠢ ᠠᠬᠢᠭᠤᠯᠵᠦ ᠰᠢᠯᠢᠳᠡᠭ ᠡᠮᠴᠢᠯᠡᠬᠡᠨ ᠤ ᠤᠷᠴᠢᠨ ᠢ ᠪᠦᠷᠢᠯᠳᠦᠬᠦᠯᠵᠦ ᠪᠤᠢ
ᠨᠡᠶᠢᠲᠡᠯᠡᠭᠰᠡᠨ ᠴᠠᠭ᠄
2024/7/16
    ᠤᠶᠢᠷ᠎ᠠ ᠶᠢᠨ ᠬᠡᠳᠦᠨ ᠵᠢᠯ᠂ ᠬᠢᠩᠭᠠᠨ ᠠᠶᠢᠮᠠᠭ ᠤᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠤᠯᠠᠨ ᠠᠷᠭ᠎ᠠ ᠪᠠᠷ ︽ᠠᠮᠤᠷ ᠠᠮᠤᠭᠤᠯᠠᠩ ᠡᠮᠨᠡᠯᠬᠡ ᠶᠢᠨ ᠬᠤᠷᠢᠶ᠎ᠠ︾ ᠶᠢᠨ ᠪᠠᠶᠢᠭᠤᠯᠤᠯᠳᠠ ᠶᠢᠨ ᠠᠵᠢᠯ ᠢ ᠪᠠᠳᠦᠳᠠᠢ ᠠᠬᠢᠭᠤᠯᠵᠦ᠂ ᠠᠮᠦᠷ ᠢ ᠬᠠᠮᠠᠭᠠᠯᠠᠬᠤ ᠰᠡᠷᠬᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠵᠦ᠂ ᠡᠮᠨᠡᠯᠬᠡ ᠶᠢᠨ ᠬᠤᠷᠢᠶ᠎ᠠ ᠶᠢᠨ ᠠᠮᠦᠷ ᠲᠦᠪᠰᠢᠨ ᠤ ᠬᠠᠮᠢᠶᠠᠷᠦᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠵᠦ᠂ ᠰᠢᠯᠢᠳᠡᠭ ᠡᠮᠴᠢᠯᠡᠬᠡᠨ ᠤ ᠤᠷᠴᠢᠨ ᠢ ᠪᠦᠷᠢᠯᠳᠦᠬᠦᠯᠵᠦ᠂ ᠡᠪᠡᠳᠴᠢᠳᠡᠳ ᠲᠤ ᠨᠡᠩ ᠰᠢᠯᠢᠳᠡᠭ ᠦᠢᠯᠡᠴᠢᠯᠡᠵᠦ ᠪᠠᠶᠢᠨ᠎ᠠ᠃     ᠵᠤᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠦ ᠲᠦᠷᠢᠮ ᠤᠨ ᠪᠠᠶᠢᠭᠤᠯᠤᠯᠳᠠ ᠪᠠᠨ ᠲᠡᠬᠦᠯᠳᠡᠷᠵᠢᠬᠦᠯᠵᠦ ᠪᠤᠢ     ᠪᠦᠬᠦ ᠠᠶᠢᠮᠠᠭ ᠤᠨ ᠡᠯ᠎ᠡ ᠡᠮᠴᠢᠯᠡᠬᠡᠨ ᠤ ᠪᠠᠶᠢᠭᠤᠯᠤᠮᠵᠢ ︽ᠠᠮᠤᠷ ᠠᠮᠤᠭᠤᠯᠠᠩ ᠡᠮᠨᠡᠯᠬᠡ ᠶᠢᠨ ᠬᠤᠷᠢᠶ᠎ᠠ︾ ᠶᠢᠨ ᠪᠠᠶᠢᠭᠤᠯᠤᠯᠳᠠ ᠶᠢᠨ ᠠᠵᠢᠯ ᠢ ᠴᠢᠬᠤᠯᠠᠴᠢᠯᠠᠵᠦ᠂ ᠵᠤᠬᠢᠶᠠᠨ ᠪᠠᠶᠢᠭᠤᠯᠤᠯᠳᠠ ᠶᠢᠨ ᠪᠦᠷᠢᠯᠳᠦᠴᠡ᠂ ᠡᠮᠴᠢᠯᠡᠬᠡᠨ ᠤ ᠴᠢᠨᠠᠷ ᠴᠢᠨᠰᠠᠭ᠎ᠠ ᠠᠮᠦᠷ ᠲᠦᠪᠰᠢᠨ ᠤ ᠬᠠᠮᠢᠶᠠᠷᠦᠯᠳᠠ᠂ ᠡᠮᠨᠡᠯᠬᠡ ᠶᠢᠨ ᠬᠤᠷᠢᠶ᠎ᠠ ᠶᠢᠨ ᠠᠮᠦᠷ ᠢ ᠬᠠᠮᠠᠭᠠᠯᠠᠬᠤ ᠪᠠᠶᠢᠭᠤᠯᠤᠯᠳᠠ᠂ ᠵᠢᠭᠤᠷᠠᠯᠳᠤᠭᠠᠨ ᠢ ᠡᠶᠡᠳᠡᠬᠦᠯᠬᠦ ᠵᠢᠴᠢ ᠵᠠᠭᠠᠯᠳᠤᠯᠭ᠎ᠠ ᠶᠢᠨ ᠬᠠᠮᠢᠶᠠᠷᠦᠯᠳᠠ᠂ ᠠᠮᠦᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠲᠠᠪᠦᠨ ᠲᠠᠯ᠎ᠠ ᠠᠴᠠ ᠨᠢᠬᠡᠳᠦᠯᠳᠡᠢ ᠪᠠᠶᠢᠷᠢᠯᠠᠭᠤᠯᠵᠠᠢ᠃ ︽ᠠᠮᠤᠷ ᠠᠮᠤᠭᠤᠯᠠᠩ ᠡᠮᠨᠡᠯᠬᠡ ᠶᠢᠨ ᠬᠤᠷᠢᠶ᠎ᠠ︾ ᠶᠢᠨ ᠪᠠᠶᠢᠭᠤᠯᠤᠯᠳᠠ ᠶᠢᠨ ᠠᠵᠢᠯ ᠢ ᠬᠡᠷᠡᠭᠵᠢᠬᠦᠯᠬᠦ ᠲᠦᠰᠦᠪ ᠢ ᠲᠤᠬᠳᠠᠭᠠᠨ ᠲᠤᠭᠤᠰᠢᠯᠠᠭᠤᠯᠵᠦ᠂ ᠤᠳᠤᠷᠢᠳᠬᠤ ᠲᠤᠭᠤᠶᠢᠯᠠᠩ ᠪᠠᠶᠢᠭᠤᠯᠤᠨ ᠴᠢᠳᠠᠪᠬᠢᠳᠤ ᠰᠠᠯᠠᠭ᠎ᠠ ᠲᠠᠰᠤᠭ ᠤᠨ ᠪᠤᠳᠠᠳᠠᠢ ᠬᠠᠷᠢᠭᠤᠴᠠᠯᠭ᠎ᠠ ᠡᠬᠦᠷᠭᠡ ᠶᠢ ᠲᠤᠳᠤᠷᠬᠠᠶᠢᠯᠠᠵᠠᠢ᠃ ︽ᠠᠮᠤᠷ ᠠᠮᠤᠭᠤᠯᠠᠩ ᠡᠮᠨᠡᠯᠬᠡ ᠶᠢᠨ ᠬᠤᠷᠢᠶ᠎ᠠ︾ ᠶᠢᠨ ᠪᠠᠶᠢᠭᠤᠯᠤᠯᠳᠠ ᠶᠢᠨ ᠠᠵᠢᠯ ᠤᠨ ᠬᠤᠷᠠᠯ ᠢ ᠲᠤᠬᠳᠠᠬᠰᠠᠨ ᠬᠤᠭᠤᠴᠠᠭ᠎ᠠ ᠲᠠᠢ ᠬᠤᠷᠠᠯᠳᠤᠭᠤᠯᠵᠦ᠂ ︽ᠠᠮᠤᠷ ᠠᠮᠤᠭᠤᠯᠠᠩ ᠡᠮᠨᠡᠯᠬᠡ ᠶᠢᠨ ᠬᠤᠷᠢᠶ᠎ᠠ︾ ᠶᠢᠨ ᠪᠠᠶᠢᠭᠤᠯᠤᠯᠳᠠ ᠶᠢᠨ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠠᠮᠦᠷ ᠲᠦᠪᠰᠢᠨ ᠰᠡᠷᠬᠡᠶᠢᠯᠡᠯᠳᠡ ᠶᠢᠨ ᠲᠤᠬᠳᠠᠴᠠ᠂ ᠠᠮᠦᠷ ᠲᠦᠪᠰᠢᠨ ᠤ ᠪᠠᠶᠢᠴᠠᠭᠠᠯᠳᠠ ᠶᠢᠨ ᠲᠤᠬᠳᠠᠴᠠ᠂ ᠪᠠᠴᠢᠮ ᠪᠠᠶᠢᠳᠠᠯ ᠢ ᠠᠷᠭᠠᠴᠠᠭᠠᠬᠤ ᠲᠦᠰᠦᠪ ᠵᠢᠴᠢ ᠡᠮᠨᠡᠯᠬᠡ ᠶᠢᠨ ᠬᠤᠷᠢᠶ᠎ᠠ ᠲᠠᠢ ᠬᠤᠯᠪᠤᠬᠳᠠᠬᠤ ᠬᠡᠷᠡᠭ ᠢ ᠰᠡᠷᠬᠡᠶᠢᠯᠡᠬᠦ ᠵᠡᠷᠭᠡ ᠬᠠᠮᠢᠶ᠎ᠠ ᠪᠦᠬᠦᠢ ᠲᠤᠬᠳᠠᠴᠠ ᠲᠦᠰᠦᠪ᠂ ᠶᠠᠪᠤᠴᠠ ᠶᠢ ᠲᠡᠬᠦᠯᠳᠡᠷᠵᠢᠬᠦᠯᠵᠠᠢ᠃     ᠰᠡᠷᠬᠡᠶᠢᠯᠡᠨ ᠡᠵᠡᠮᠳᠡᠬᠦ ᠲᠤᠬᠳᠠᠴᠠ ᠶᠢ ᠴᠢᠩᠭᠠᠳᠬᠠᠵᠦ ᠰᠶᠢᠳᠪᠦᠷᠢᠯᠡᠬᠦ ᠴᠢᠳᠠᠪᠦᠷᠢ ᠪᠠᠨ ᠲᠡᠭᠡᠭᠰᠢᠯᠡᠬᠦᠯᠵᠦ ᠪᠤᠢ     ᠡᠯ᠎ᠡ ᠡᠮᠴᠢᠯᠡᠬᠡᠨ ᠤ ᠪᠠᠶᠢᠭᠤᠯᠤᠮᠵᠢ ᠡᠮᠴᠢᠯᠡᠬᠡᠨ ᠤ ᠵᠢᠭᠤᠷᠠᠯᠳᠤᠭᠠᠨ ᠤ ᠬᠦᠷᠢᠶᠡᠨ ᠤ ᠠᠷᠠᠳ ᠤᠨ ᠲᠤᠬᠢᠷᠠᠭᠤᠯᠤᠬᠴᠢ ᠶᠢᠨ ᠠᠵᠢᠯ ᠢ ᠢᠳᠡᠪᠬᠢᠳᠡᠢ ᠦᠷᠨᠢᠬᠦᠯᠵᠦ᠂ ᠵᠠᠭᠠᠯᠳᠤᠯᠭ᠎ᠠ ᠬᠠᠮᠢᠶᠠᠷᠦᠯᠳᠠ ᠶᠢᠨ ᠲᠤᠬᠳᠠᠴᠠ ᠶᠢ ᠲᠤᠬᠳᠠᠭᠠᠵᠦ᠂ ᠵᠠᠭᠠᠯᠳᠤᠯᠭ᠎ᠠ ᠶᠢ ᠰᠶᠢᠳᠪᠦᠷᠢᠯᠡᠬᠦ ᠶᠠᠪᠤᠴᠠ ᠶᠢ ᠲᠦᠷᠢᠮᠵᠢᠬᠦᠯᠵᠦ᠂ ᠲᠤᠰᠬᠠᠢ ᠵᠠᠭᠠᠯᠳᠤᠯᠭ᠎ᠠ ᠶᠢ ᠬᠦᠯᠢᠶᠡᠨ ᠠᠪᠬᠤ ᠲᠠᠯᠠᠪᠦᠷ᠂ ᠲᠤᠰᠬᠠᠢ ᠬᠦᠮᠦᠨ ᠲᠤᠬᠢᠷᠠᠭᠤᠯᠤᠨ᠂ ᠡᠬᠦᠳᠡᠨ ᠡᠮᠨᠡᠯᠬᠡ ᠶᠢᠨ ᠢᠯᠡᠷᠬᠡᠢ ᠪᠠᠶᠢᠷᠢᠨ ᠳᠤ ᠵᠠᠭᠠᠯᠳᠤᠯᠭ᠎ᠠ ᠶᠢᠨ ᠰᠠᠨᠠᠯ ᠤᠨ ᠬᠠᠶᠢᠷᠴᠠᠭ ᠲᠤᠬᠢᠷᠠᠭᠤᠯᠵᠦ᠂ ᠵᠠᠭᠠᠯᠳᠤᠯᠭ᠎ᠠ ᠶᠢᠨ ᠬᠠᠮᠢᠶᠠᠷᠦᠯᠳᠠ ᠶᠢᠨ ᠰᠠᠯᠠᠭ᠎ᠠ ᠮᠦᠴᠢᠷ᠂ ᠵᠠᠭᠠᠯᠳᠤᠯᠭ᠎ᠠ ᠶᠢᠨ ᠤᠳᠠᠰᠦ ᠵᠢᠴᠢ ᠵᠠᠭᠠᠯᠳᠤᠯᠭ᠎ᠠ ᠶᠢᠨ ᠶᠠᠪᠤᠴᠠ ᠶᠢ ᠨᠡᠶᠢᠳᠡᠯᠡᠵᠦ᠂ ᠲᠦᠬᠦᠮ ᠦᠢᠯᠡᠴᠢᠯᠡᠭᠡ ᠬᠠᠨᠭ᠍ᠭᠠᠵᠠᠢ᠃ ᠡᠮᠴᠢᠯᠡᠬᠡᠨ ᠤ ᠠᠵᠢᠯᠳᠠᠳ ᠲᠤ ᠬᠠᠤᠯᠢ ᠴᠠᠭᠠᠵᠠ ᠶᠢᠨ ᠮᠡᠳᠡᠯᠬᠡ᠂ ᠡᠮᠴᠢᠯᠡᠬᠡᠨ ᠤ ᠲᠦᠭᠰᠢᠬᠦᠷᠢ ᠶᠢ ᠰᠡᠷᠬᠡᠶᠢᠯᠡᠨ ᠡᠵᠡᠮᠳᠡᠬᠦ ᠵᠡᠷᠭᠡ ᠬᠠᠮᠢᠶ᠎ᠠ ᠪᠦᠬᠦᠢ ᠪᠤᠯᠪᠠᠰᠦᠷᠠᠯ ᠬᠦᠷᠳᠡᠬᠡᠵᠦ᠂ ᠡᠮᠴᠢᠯᠡᠬᠡᠨ ᠤ ᠠᠵᠢᠯᠳᠠᠳ ᠤᠨ ᠡᠮᠴᠢᠯᠡᠬᠡᠨ ᠤ ᠲᠦᠭᠰᠢᠬᠦᠷᠢ ᠶᠢ ᠰᠡᠷᠬᠡᠶᠢᠯᠡᠬᠦ ᠤᠬᠠᠮᠰᠠᠷ ᠪᠠ ᠬᠢᠷᠢ ᠲᠦᠪᠰᠢᠨ ᠢ ᠲᠡᠭᠡᠭᠰᠢᠯᠡᠬᠦᠯᠵᠦ᠂ ᠡᠮᠴᠢᠯᠡᠬᠡᠨ ᠤ ᠵᠢᠭᠤᠷᠠᠯᠳᠤᠭᠠᠨ ᠢ ᠰᠡᠷᠬᠡᠶᠢᠯᠡᠨ ᠡᠵᠡᠮᠳᠡᠬᠦ ᠶᠢ ᠠᠬᠢᠭᠤᠯᠵᠦ᠂ ᠡᠮᠴᠢ ᠡᠪᠡᠳᠴᠢᠳᠡᠨ ᠤ ᠡᠶ᠎ᠡ ᠨᠠᠶᠢᠷᠳᠠᠢ ᠬᠠᠷᠢᠴᠠᠭ᠎ᠠ ᠶᠢ ᠪᠦᠷᠢᠯᠳᠦᠬᠦᠯᠵᠡᠢ᠃     ᠲᠦᠬᠦᠭᠡᠷᠦᠮᠵᠢ ᠶᠢᠨ ᠪᠠᠶᠢᠭᠤᠯᠤᠯᠳᠠ ᠶᠢ ᠲᠡᠬᠦᠯᠳᠡᠷᠵᠢᠬᠦᠯᠵᠦ ᠤᠯᠠᠨ ᠲᠦᠮᠡᠨ ᠤ ᠠᠮᠦᠷ ᠲᠦᠪᠰᠢᠨ ᠢ ᠪᠠᠳᠦᠯᠠᠵᠦ ᠪᠤᠢ     ᠬᠤᠶᠠᠳᠤᠭᠠᠷ ᠲᠡᠰ ᠠᠴᠠ ᠲᠡᠭᠡᠭᠰᠢᠬᠢ ᠠᠯᠪᠠᠨ ᠠᠴᠠ ᠡᠷᠬᠢᠯᠡᠭᠰᠡᠨ ᠡᠮᠴᠢᠯᠡᠬᠡᠨ ᠤ ᠪᠠᠶᠢᠭᠤᠯᠤᠮᠵᠢ ᠳᠤ ᠠᠮᠦᠷ ᠢ ᠬᠠᠮᠠᠭᠠᠯᠠᠬᠤ ᠰᠠᠯᠠᠭ᠎ᠠ ᠪᠠ ᠴᠠᠬᠳᠠᠭᠠᠨ ᠶᠠᠪᠤᠳᠠᠯ ᠤᠨ ᠲᠠᠰᠤᠭ ᠢ ᠪᠠᠶᠢᠭᠤᠯᠵᠥ᠂ ᠲᠤᠰᠬᠠᠢ ᠠᠮᠦᠷ ᠢ ᠬᠠᠮᠠᠭᠠᠯᠠᠬᠴᠢ ᠲᠤᠬᠢᠷᠠᠭᠤᠯᠵᠦ᠂ ᠲᠤᠳᠤᠨ᠎ᠠ ᠭᠠᠳᠠᠨ᠎ᠠ ᠪᠠᠶᠢᠴᠠᠭᠠᠬᠤ᠂ ᠲᠡᠷᠭᠡ ᠬᠦᠰᠭᠡ ᠶᠢᠨ ᠬᠠᠮᠢᠶᠠᠷᠦᠯᠳᠠ᠂ ᠬᠦᠴᠦᠷᠭᠡᠭᠯᠡᠯ ᠢ ᠡᠰᠡᠷᠬᠦᠴᠡᠨ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠠᠵᠢᠯ ᠢ ᠬᠢᠵᠦ ᠪᠤᠢ᠃ ᠠᠮᠦᠷ ᠢ ᠬᠠᠮᠠᠭᠠᠯᠠᠬᠴᠢ ᠶᠢ ᠵᠤᠬᠢᠶᠠᠨ ᠪᠠᠶᠢᠭᠤᠯᠤᠨ ᠭᠠᠯ ᠰᠡᠷᠬᠡᠶᠢᠯᠡᠵᠦ ᠤᠨᠳᠠᠷᠠᠭᠠᠬᠤ ᠠᠮᠦᠷ ᠲᠦᠪᠰᠢᠨ᠂ ᠠᠮᠦᠷ ᠢ ᠬᠠᠮᠠᠭᠠᠯᠠᠬᠤ ᠠᠮᠦᠷ ᠲᠦᠪᠰᠢᠨ ᠢ ᠪᠠᠶᠢᠴᠠᠭᠠᠬᠤ ᠠᠵᠢᠯ ᠢ ᠦᠷᠨᠢᠬᠦᠯᠵᠦ ᠡᠮᠨᠡᠯᠬᠡ ᠶᠢᠨ ᠬᠤᠷᠢᠶ᠎ᠠ ᠶᠢᠨ ᠭᠠᠯ ᠤᠨ ᠡ᠊ᠨᠳᠡᠯ ᠭᠠᠷᠬᠤ ᠦᠬᠡᠢ ᠵᠢᠴᠢ ᠠᠮᠦᠷ ᠲᠦᠪᠰᠢᠨ ᠤ ᠬᠡᠷᠡᠭ ᠭᠠᠷᠬᠤ ᠦᠬᠡᠢ ᠪᠠᠶᠢᠬᠤ ᠶᠢ ᠪᠠᠳᠦᠯᠠᠵᠦ᠂ ᠡᠪᠡᠳᠴᠢᠳᠡᠳ ᠪᠠ ᠡᠮᠴᠢᠯᠡᠬᠡᠨ ᠤ ᠠᠵᠢᠯᠳᠠᠳ ᠤᠨ ᠠᠮᠦᠷ ᠲᠦᠪᠰᠢᠨ ᠢ ᠪᠠᠳᠦᠯᠠᠵᠦ ᠪᠠᠶᠢᠨ᠎ᠠ᠃                                          ︵ᠰᠡᠷᠬᠦᠯᠡᠩ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号