ᠬᠢᠩᠭᠠᠨ ᠠᠶᠢᠮᠠᠭ ᠤᠨ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠨᠡᠶᠢᠬᠡᠮ ᠲᠤᠭᠤᠷᠢᠭ ᠢᠶᠠᠷ ᠬᠦᠨᠵᠡᠬᠡᠶᠢᠷᠡᠨ ᠰᠢᠷᠢᠰ ᠠᠵᠢᠯᠯᠠᠭ᠎ᠠ ᠦᠷᠨᠢᠬᠦᠯᠵᠡᠢ
ᠨᠡᠶᠢᠲᠡᠯᠡᠭᠰᠡᠨ ᠴᠠᠭ᠄
2024/7/16
    ᠬᠢᠩᠭᠠᠨ ᠠᠶᠢᠮᠠᠭ ᠤᠨ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠨᠠᠮ ᠤᠨ ᠪᠠᠶᠢᠭᠤᠯᠤᠯᠳᠠ ᠪᠠᠷ ᠤᠳᠤᠷᠢᠳᠤᠮᠵᠢ ᠪᠤᠯᠭᠠᠵᠦ᠂ ︽ᠡᠷᠡᠬᠦᠯ ᠡᠩᠬᠡ ᠬᠢᠨᠭ᠍ᠭᠠᠨ︾ ᠤ ᠪᠠᠶᠢᠭᠤᠯᠤᠯᠳᠠ ᠪᠠᠷ ᠭᠠᠷᠳᠡᠴᠡ ᠪᠤᠯᠭᠠᠨ᠂ ᠤᠯᠠᠨ ᠲᠦᠮᠡᠨ ᠤ ᠱᠠᠭᠠᠷᠳᠠᠯᠭ᠎ᠠ ᠪᠠᠷ ᠤᠳᠤᠷᠢᠳᠤᠮᠵᠢ ᠪᠤᠯᠭᠠᠵᠦ᠂ ᠨᠠᠮ ᠤᠨ ᠪᠠᠶᠢᠭᠤᠯᠤᠯᠳᠠ ᠶᠢᠨ ᠠᠵᠢᠯ ᠪᠤᠯᠤᠨ ᠲᠤᠬᠠᠶᠢᠯᠠᠬᠰᠠᠨ ᠠᠵᠢᠯ ᠤᠨ ᠠᠭᠤᠰᠤᠯᠴᠠᠯ ᠢ ᠢᠳᠡᠪᠬᠢᠳᠡᠢ ᠡᠷᠢᠯᠬᠢᠯᠡᠵᠦ᠂ ︽ᠨᠠᠮ ᠤᠨ ᠪᠠᠶᠢᠭᠤᠯᠤᠯᠳᠠ + ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ︾ ᠨᠡᠷᠡᠳᠤ ᠲᠡᠮᠳᠡᠭ ᠢ ᠪᠤᠢ ᠪᠤᠯᠭᠠᠵᠦ ᠪᠤᠢ᠃ ᠤᠶᠢᠷ᠎ᠠ ᠶᠢᠨ ᠡᠳᠦᠷ᠂ ᠬᠢᠩᠭᠠᠨ ᠠᠶᠢᠮᠠᠭ ᠤᠨ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ︽ᠨᠠᠮ ᠤᠨ ᠪᠠᠶᠢᠭᠤᠯᠤᠯᠳᠠ ᠶᠢᠨ ᠲᠤᠬᠠᠶᠢᠯᠠᠬᠰᠠᠨ ᠠᠵᠢᠯ ᠤᠨ ᠬᠤᠤᠰ ᠠᠭᠤᠰᠤᠯᠴᠠᠯ ᠢᠶᠠᠷ ᠡᠷᠡᠬᠦᠯ ᠮᠡᠨᠳᠤ ᠶᠢ ᠬᠠᠮᠳᠤᠪᠡᠷ ᠡᠳ᠋ᠯᠡᠬᠦ ︾ ᠪᠠᠷ ᠭᠤᠤᠯ ᠰᠡᠳᠤᠪ ᠪᠤᠯᠭᠠᠵᠦ᠂ ᠤᠯᠠᠭᠠᠨᠬᠤᠳᠠ ᠶᠢᠨ ᠠᠨ ᠵᠢᠤᠢ ᠨᠡᠶᠢᠬᠡᠮ ᠲᠤᠭᠤᠷᠢᠭ ᠲᠤ ᠬᠦᠷᠴᠦ ᠰᠢᠷᠢᠰ ᠠᠵᠢᠯᠯᠠᠭ᠎ᠠ ᠦᠷᠨᠢᠬᠦᠯᠦᠨ᠂ ᠰᠠᠭᠤᠭᠠᠯᠢ ᠠᠷᠠᠳ ᠤᠨ ᠡᠷᠡᠬᠦᠯ ᠮᠡᠨᠳᠤ ᠶᠢᠨ ᠬᠢᠷᠢ ᠲᠦᠪᠰᠢᠨ ᠢ ᠲᠡᠭᠡᠭᠰᠢᠯᠡᠬᠦᠯᠵᠡᠢ᠃     ᠰᠠᠭᠤᠳᠠᠯ ᠤᠨ ᠬᠤᠷᠠᠯ ᠬᠤᠷᠠᠯᠳᠤᠭᠤᠯᠵᠦ ᠡᠷᠡᠬᠦᠯ ᠮᠡᠨᠳᠤ ᠶᠢᠨ ᠮᠡᠳᠡᠯᠬᠡ ᠶᠢ ᠲᠦᠬᠡᠮᠡᠯᠵᠢᠬᠦᠯᠵᠠᠢ     ᠬᠢᠩᠭᠠᠨ ᠠᠶᠢᠮᠠᠭ ᠤᠨ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠨᠢ ᠭᠤᠤᠯ ᠰᠡᠳᠤᠪᠳᠤ ᠨᠠᠮ ᠤᠨ ᠡᠳᠦᠷᠯᠢᠭ ᠤᠨ ᠠᠵᠢᠯᠯᠠᠭ᠎ᠠ ᠪᠠᠷ ᠲᠤᠬᠢᠶᠠᠯ ᠪᠤᠯᠭᠠᠵᠦ᠂ ᠬᠢᠩᠭᠠᠨ ᠠᠶᠢᠮᠠᠭ ᠤᠨ ᠤᠶᠤᠨ ᠮᠡᠳᠡᠷᠡᠯ ᠤᠨ ᠡᠷᠡᠬᠦᠯ ᠬᠠᠮᠠᠭᠠᠯᠠᠯ ᠤᠨ ᠲᠦᠪ ᠤᠨ ᠨᠠᠰᠦᠳᠠᠨ ᠤ ᠰᠠᠯᠠᠭᠠᠨ ᠤ ᠲᠤᠰᠬᠠᠢ ᠮᠡᠷᠬᠡᠵᠢᠯᠳᠡᠨ ᠢ ᠤᠷᠢᠵᠦ ᠨᠠᠰᠦᠳᠠᠶᠢᠴᠤᠳ ᠤᠨ ᠰᠡᠳᠬᠢᠴᠡ ᠶᠢᠨ ᠡᠷᠡᠬᠦᠯ ᠮᠡᠨᠳᠤ ᠶᠢᠨ ᠮᠡᠳᠡᠯᠬᠡ ᠶᠢ ᠲᠦᠬᠡᠮᠡᠯᠵᠢᠬᠦᠯᠬᠦ ᠰᠠᠭᠤᠳᠠᠯ ᠤᠨ ᠬᠤᠷᠠᠯ ᠬᠤᠷᠠᠯᠳᠤᠭᠤᠯᠵᠠᠢ᠃ ᠲᠤᠰᠬᠠᠢ ᠮᠡᠷᠬᠡᠵᠢᠯᠳᠡᠨ ᠨᠠᠰᠦᠳᠠᠶᠢᠴᠤᠳ ᠤᠨ ᠰᠡᠳᠬᠢᠴᠡ ᠶᠢᠨ ᠡᠷᠡᠬᠦᠯ ᠮᠡᠨᠳᠤ ᠶᠢᠨ ᠠᠴᠢ ᠬᠤᠯᠪᠤᠬᠳᠠᠯ᠂ ᠨᠠᠰᠦᠳᠠᠶᠢᠴᠤᠳ ᠤᠨ ᠰᠡᠳᠬᠢᠴᠡ ᠶᠢᠨ ᠤᠨᠴᠠᠯᠢᠭ᠂ ᠨᠠᠰᠦᠳᠠᠶᠢᠴᠤᠳ ᠤᠨ ᠰᠡᠳᠬᠢᠴᠡ ᠶᠢᠨ ᠡᠷᠡᠬᠦᠯ ᠮᠡᠨᠳᠤ ᠶᠢᠨ ᠪᠠᠷᠢᠮᠵᠢᠶ᠎ᠠ᠂ ᠨᠠᠰᠦᠳᠠᠶᠢᠴᠤᠳ ᠲᠤ ᠦᠷᠬᠦᠯᠵᠢ ᠲᠤᠬᠢᠶᠠᠯᠳᠤᠬᠤ ᠰᠡᠳᠬᠢᠴᠡ ᠶᠢᠨ ᠢᠯᠡᠷᠡᠯ ᠵᠢᠴᠢ ᠰᠡᠳᠬᠢᠴᠡ ᠶᠢᠨ ᠠᠰᠠᠭᠤᠳᠠᠯ᠂ ᠨᠠᠰᠦᠳᠠᠶᠢᠴᠤᠳ ᠤᠨ ᠰᠡᠳᠬᠢᠴᠡ ᠶᠢᠨ ᠡᠷᠡᠬᠦᠯ ᠮᠡᠨᠳᠤ ᠶᠢ ᠬᠠᠮᠠᠭᠠᠯᠠᠬᠤ ᠪᠤᠯᠤᠨ ᠠᠬᠢᠭᠤᠯᠬᠤ ᠵᠡᠷᠭᠡ ᠮᠡᠳᠡᠯᠬᠡ ᠶᠢ ᠲᠠᠶᠢᠯᠪᠦᠷᠢᠯᠠᠵᠦ᠂ ᠨᠠᠰᠦᠳᠠᠶᠢᠴᠤᠳ ᠢ ᠵᠢᠯᠤᠭᠤᠳᠤᠨ ᠰᠡᠳᠬᠢᠴᠡ ᠶᠢᠨ ᠡᠷᠡᠬᠦᠯ ᠮᠡᠨᠳᠤ ᠶᠢᠨ ᠠᠰᠠᠭᠤᠳᠠᠯ ᠳᠤ ᠵᠦᠪ ᠢᠶᠠᠷ ᠬᠠᠨᠳᠤᠵᠦ᠂ ᠡᠷᠡᠬᠦᠯ ᠴᠢᠬᠢᠷᠠᠭ ᠠᠮᠢᠳᠦᠷᠠᠯ ᠤᠨ ᠤᠨᠤᠯᠵᠢᠬᠤᠨ ᠢ ᠴᠢᠩᠭᠠᠳᠬᠠᠬᠤ ᠶᠢ ᠰᠠᠨᠠᠭᠤᠯᠵᠠᠢ᠃     ᠠᠯᠪᠠᠨ ᠵᠢᠷᠦᠮ ᠤᠨ ᠡᠮᠴᠢᠯᠡᠭᠡ ᠪᠠᠷ ᠠᠷᠠᠳ ᠤᠨ ᠰᠡᠳᠬᠢᠯ ᠢ ᠲᠤᠯᠠᠭᠠᠴᠠᠭᠤᠯᠵᠠᠢ     ᠲᠤᠰᠬᠠᠢ ᠮᠡᠷᠬᠡᠵᠢᠯᠳᠡᠨ ᠠᠷᠠᠳ ᠤᠯᠠᠨ ᠤ ᠱᠠᠭᠠᠷᠳᠠᠯᠭ᠎ᠠ ᠶᠢ ᠦᠨᠳᠦᠰᠦᠯᠡᠨ᠂ ᠲᠡᠳᠡᠨ ᠳᠤ ᠡᠷᠡᠬᠦᠯ ᠬᠠᠮᠠᠭᠠᠯᠠᠯ ᠤᠨ ᠰᠡᠳᠬᠢᠴᠡ ᠶᠢᠨ ᠵᠢᠯᠤᠭᠤᠳᠤᠯᠭ᠎ᠠ ᠶᠢᠨ ᠦᠢᠯᠡᠴᠢᠯᠡᠭᠡ ᠬᠠᠨᠭ᠍ᠭᠠᠵᠠᠢ᠃ ᠤᠯᠠᠭᠠᠨᠬᠤᠳᠠ ᠶᠢᠨ ᠱᠧᠩᠯᠢ ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠤᠨ ᠠᠯᠪᠠᠨ ᠵᠢᠷᠦᠮ ᠤᠨ ᠡᠮᠴᠢᠯᠡᠬᠡᠨ ᠤ ᠪᠦᠯᠬᠦᠮ ᠨᠠᠰᠦᠳᠠᠶᠢᠴᠤᠳ ᠲᠤ ᠡᠷᠡᠬᠦᠯ ᠬᠠᠮᠠᠭᠠᠯᠠᠯ ᠤᠨ ᠠᠯᠪᠠᠨ ᠵᠢᠷᠦᠮ ᠤᠨ ᠦᠢᠯᠡᠴᠢᠯᠡᠭᠡ ᠬᠠᠩᠭᠠᠵᠥ᠂ ᠲᠡᠳᠡᠨ ᠤ ᠪᠡᠶ᠎ᠡ ᠮᠠᠬᠠᠪᠦᠳ ᠤᠨ ᠪᠠᠶᠢᠳᠠᠯ ᠢ ᠨᠠᠷᠢᠨ ᠠᠰᠠᠭᠤᠵᠦ᠂ ᠰᠠᠭᠤᠭᠠᠯᠢ ᠠᠷᠠᠳ ᠤᠨ ᠮᠠᠳᠠᠬ ᠲᠠᠢ ᠠᠰᠠᠭᠤᠳᠠᠯ ᠳᠤ ᠬᠠᠷᠢᠭᠤᠯᠳᠠ ᠦᠭᠴᠡᠢ᠃     ᠡᠷᠡᠬᠦᠯ ᠮᠡᠨᠳᠤ ᠶᠢᠨ ᠮᠡᠳᠡᠯᠬᠡ ᠶᠢ ᠬᠠᠮᠳᠤᠪᠡᠷ ᠡᠳ᠋ᠯᠡᠵᠡᠢ     ᠬᠢᠩᠭᠠᠨ ᠠᠶᠢᠮᠠᠭ ᠤᠨ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠤᠨ ᠰᠢᠨᠵᠢᠯᠡᠬᠦ ᠤᠬᠠᠭᠠᠨ ᠲᠦᠬᠡᠮᠡᠯᠵᠢᠬᠦᠯᠬᠦ ᠪᠦᠯᠬᠦᠮ ᠤᠯᠠᠨ ᠲᠦᠮᠡᠨ ᠤ ᠡᠷᠡᠬᠦᠯ ᠬᠠᠮᠠᠭᠠᠯᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠷᠡᠬᠦᠯ ᠬᠠᠮᠠᠭᠠᠯᠠᠯ ᠤᠨ ᠰᠢᠨᠵᠢᠯᠡᠬᠦ ᠤᠬᠠᠭᠠᠨ ᠤ ᠮᠡᠳᠡᠯᠬᠡ ᠶᠢ ᠲᠠᠶᠢᠯᠪᠦᠷᠢᠯᠠᠵᠦ᠂ ᠡᠷᠡᠬᠦᠯ ᠮᠡᠨᠳᠤ ᠶᠢᠨ ᠤᠶᠢᠯᠠᠭᠠᠬᠳᠠᠬᠤᠨ ᠢ ᠤᠯᠠᠮᠵᠢᠯᠠᠵᠦ᠂ ᠤᠯᠠᠨ ᠲᠥᠮᠠᠨ ᠤ ᠡᠷᠡᠬᠦᠯ ᠮᠡᠨᠳᠤ ᠶᠢᠨ ᠤᠬᠠᠮᠰᠠᠷ ᠢ ᠲᠡᠭᠡᠭᠰᠢᠯᠡᠬᠦᠯᠵᠡᠢ᠃ ᠤᠯᠠᠨ ᠲᠦᠮᠡᠨ ᠳᠤ ᠵᠢᠷᠦᠬᠡ ᠲᠠᠷᠢᠬᠢᠨ ᠰᠤᠳᠠᠯ ᠤᠨ ᠡᠪᠡᠳᠴᠢᠨ ᠢ ᠤᠷᠢᠳᠴᠢᠯᠠᠨ ᠰᠡᠷᠬᠡᠶᠢᠯᠡᠬᠦ᠂ ᠲᠠᠮᠠᠬᠢ ᠲᠠᠳᠠᠬᠤ ᠶᠢ ᠡᠵᠡᠮᠳᠡᠬᠦ ᠵᠡᠷᠭᠡ ᠤᠬᠠᠭᠤᠯᠭ᠎ᠠ ᠶᠢᠨ ᠳᠡᠪᠳᠡᠷ 240 ᠭᠠᠷᠦᠢ ᠬᠤᠪᠢ ᠲᠠᠷᠬᠠᠭᠠᠵᠠᠢ᠃     ᠤᠷᠴᠢᠨ ᠲᠤᠭᠤᠷᠢᠨ ᠢ ᠴᠡᠭᠴᠡᠯᠡᠨ ᠵᠠᠰᠠᠵᠦ ᠨᠡᠶᠢᠬᠡᠮ ᠲᠤᠭᠤᠷᠢᠭ ᠢᠶᠠᠨ ᠭᠤᠶᠤᠵᠢᠭᠤᠯᠵᠠᠢ     ᠬᠢᠩᠭᠠᠨ ᠠᠶᠢᠮᠠᠭ ᠤᠨ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠤᠨ ᠰᠠᠶᠢᠨ ᠲᠤᠷ᠎ᠠ ᠶᠢᠨ ᠦᠢᠯᠡᠴᠢᠯᠡᠬᠡᠨ ᠤ ᠠᠩᠬᠢ ᠭᠤᠤᠯ ᠰᠡᠳᠤᠪᠳᠤ ᠨᠠᠮ ᠤᠨ ᠡᠳᠦᠷᠯᠢᠭ ᠤᠨ ᠠᠵᠢᠯᠯᠠᠭ᠎ᠠ ᠦᠷᠨᠢᠬᠦᠯᠵᠦ᠂ ᠰᠠᠶᠢᠨ ᠲᠤᠷᠠᠴᠤᠤᠯ ᠪᠠᠭ᠎ᠠ ᠲᠤᠭᠤᠷᠢᠭ ᠤᠨ ᠨᠤᠭᠤᠭᠠᠷᠠᠭᠤᠯᠤᠯᠳᠠ ᠶᠢᠨ ᠪᠦᠰᠡ ᠪᠠ ᠠᠰᠠᠷ ᠤᠨ ᠬᠤᠨᠭ᠍ᠬᠢᠯ ᠤᠨ ᠬᠤᠭ ᠨᠤᠪᠰᠢ᠂ ᠮᠤᠳᠤᠨ ᠨᠠᠪᠴᠢ᠂ ᠰᠦᠯᠢᠶᠤᠤ ᠤᠭᠤᠳᠠ᠂ ᠵᠢᠮᠢᠰ ᠤᠨ ᠬᠠᠯᠢᠰᠦ ᠵᠡᠷᠭᠡ ᠶᠢ ᠴᠡᠪᠡᠷᠯᠡᠵᠦ᠂ ᠰᠠᠭᠤᠭᠠᠯᠢ ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠠᠷᠢᠭᠤᠨ ᠴᠡᠪᠡᠷ ᠢ ᠪᠠᠳᠦᠯᠠᠵᠠᠢ᠃                        ︵ᠬᠠᠨ᠎ᠠ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号