ᠠᠶᠢᠮᠠᠭ ᠤᠨ ᠠᠵᠢᠯ ᠤᠯᠭᠤᠯᠳᠠ ᠶᠢᠨ ᠦᠢᠯᠡᠴᠢᠯᠡᠭᠡᠨ ᠤ ᠲᠦᠪ ᠬᠦᠳᠡᠯᠮᠦᠷᠢᠴᠢᠳ ᠤᠨ ᠡᠷᠭᠡ ᠠᠰᠢᠭ ᠢ ᠪᠠᠳᠤᠯᠠᠬᠤ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠪᠠ
ᠨᠡᠶᠢᠲᠡᠯᠡᠭᠰᠡᠨ ᠴᠠᠭ᠄
2024/7/16
    ᠬᠥᠳᠡᠯᠮᠦᠷᠢᠴᠢᠳ ᠤᠨ ᠡᠷᠬᠡ ᠠᠰᠢᠭ ᠢ ᠨᠠᠩ ᠰᠠᠶᠢᠨ ᠬᠠᠮᠠᠭᠠᠯᠠᠵᠤ᠂ ᠬᠥᠳᠡᠯᠮᠦᠷᠢᠴᠢᠳ ᠤᠨ ᠡᠷᠬᠡ ᠪᠠᠨ ᠬᠠᠮᠠᠭᠠᠯᠠᠬᠤ ᠤᠬᠠᠮᠰᠠᠷ ᠪᠠ ᠬᠠᠤᠯᠢ ᠶᠣᠰᠣᠭᠠᠷ ᠡᠷᠭᠡ ᠪᠠᠨ ᠬᠠᠮᠠᠭᠠᠯᠠᠬᠤ ᠴᠢᠳᠠᠪᠤᠷᠢ ᠶᠢ ᠲᠡᠭᠡᠭᠰᠢᠯᠡᠬᠦᠯᠬᠦ ᠶᠢᠨ ᠲᠦᠯᠦᠭᠡ᠂ ᠤᠶᠢᠷ᠎ᠠ ᠶᠢᠨ ᠡᠳᠦᠷ ᠠᠶᠢᠮᠠᠭ ᠤᠨ ᠠᠵᠢᠯ ᠤᠯᠭᠤᠯᠳᠠ ᠶᠢᠨ ᠦᠢᠯᠡᠴᠢᠯᠡᠭᠡᠨ ᠤ ᠲᠦᠪ ᠤᠨ ᠬᠢᠨ ᠬᠦᠳᠡᠯᠮᠦᠷᠢᠴᠢᠳ ᠤᠨ ᠡᠷᠭᠡ ᠠᠰᠢᠭ ᠢ ᠪᠠᠳᠤᠯᠠᠬᠤ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠪᠠ᠃     ᠠᠵᠢᠯᠯᠠᠭ᠎ᠠ ᠶᠢᠨ ᠲᠤᠮᠳᠠ᠂ ᠠᠶᠢᠮᠠᠭ ᠤᠨ ᠠᠵᠢᠯ ᠤᠯᠭᠤᠯᠳᠠ ᠶᠢᠨ ᠦᠢᠯᠡᠴᠢᠯᠡᠭᠡᠨ ᠤ ᠲᠦᠪ ᠤᠨ ᠠᠵᠢᠯᠳᠠᠨ ᠠᠴᠠ ᠬᠥᠳᠡᠯᠮᠦᠷᠢᠴᠢᠨ ᠤ ᠡᠷᠬᠡ ᠠᠰᠢᠭ᠂ ᠬᠥᠳᠡᠯᠮᠦᠷᠢ ᠶᠢᠨ ᠭᠡᠷ᠎ᠡ ᠪᠣᠯᠤᠨ ᠬᠥᠳᠡᠯᠮᠦᠷᠢ ᠦᠢᠯᠡᠴᠢᠯᠡᠭᠡᠨ ᠤ ᠭᠡᠷ᠎ᠡ ᠶᠢᠨ ᠢᠯᠭᠠᠭ᠎ᠠ᠂ ᠬᠥᠳᠡᠯᠮᠦᠷᠢᠴᠢᠨ ᠤ ᠴᠠᠯᠢᠩ ᠥᠷᠢᠲᠦᠬᠦ ᠶᠢ ᠨᠡᠬᠡᠮᠵᠢᠯᠡᠨ ᠠᠪᠬᠤ ᠭᠡᠷᠡᠴᠢ ᠪᠠᠷᠢᠮᠲᠠ ᠶᠢᠨ ᠪᠡᠯᠡᠳᠭᠡᠯ᠂ ᠬᠥᠮᠦᠨ ᠬᠡᠷᠡᠭᠯᠡᠬᠦ ᠨᠢᠭᠡᠴᠢ ᠶᠢᠨ ᠴᠠᠯᠢᠩ ᠢ ᠦᠷᠢᠳᠦᠬᠦ᠂ ᠪᠦᠬᠦ ᠲᠤᠭ᠎ᠠ ᠪᠠᠷ ᠨᠢ ᠦᠭᠬᠦᠭᠰᠡᠨ ᠦᠭᠡᠢ ᠪᠤᠶᠤ ᠨᠡᠶᠢᠭᠡᠮ ᠤᠨ ᠲᠠᠭᠠᠳᠬᠠᠯ ᠢ ᠲᠤᠰᠢᠶᠠᠵᠦ ᠦᠭᠬᠦᠭᠰᠡᠨ ᠦᠭᠡᠢ ᠪᠠᠶᠢᠳᠠᠯ ᠳᠤ ᠭᠡᠷᠬᠢᠨ ᠡᠷᠭᠡ ᠪᠠᠨ ᠬᠠᠮᠠᠭᠠᠯᠠᠬᠤ ᠵᠡᠷᠭᠡ ᠤᠯᠠᠨ ᠲᠠᠯ᠎ᠠ ᠠᠴᠠ ᠬᠥᠳᠡᠯᠮᠦᠷᠢᠴᠢᠨ ᠤ ᠡᠷᠬᠡ ᠠᠰᠢᠭ ᠢ ᠬᠠᠮᠠᠭᠠᠯᠠᠬᠤ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠪᠠ᠃ ᠳᠠᠷᠠᠭᠠᠴᠢ ᠶᠢᠨ ᠠᠵᠢᠯ ᠤᠨ ᠲᠤᠮᠳᠠ᠂ ᠲᠤᠰ ᠲᠦᠪ ᠤᠨ ᠬᠢᠨ ᠰᠦᠯᠵᠢᠶᠡᠨ ᠲᠠᠪᠴᠠᠩ ᠪᠠ ᠰᠦᠯᠵᠢᠶᠡᠨ ᠭᠠᠳᠠᠨᠠᠬᠢ ᠠᠵᠢᠯᠳᠠᠨ ᠤᠷᠢᠵᠦ ᠬᠡᠷᠡᠭᠯᠡᠬᠦ ᠬᠤᠷᠠᠯ ᠢ ᠠᠰᠢᠭᠯᠠᠨ᠂ ᠬᠦᠳᠡᠯᠮᠦᠷᠢᠴᠢᠳ ᠤᠨ ᠡᠷᠭᠡ ᠠᠰᠢᠭ ᠢ ᠬᠠᠮᠠᠭᠠᠯᠠᠬᠤ ᠲᠤᠬᠠᠢ ᠬᠠᠤᠯᠢ ᠴᠠᠭᠠᠵᠠ ᠶᠢᠨ ᠤᠬᠠᠭᠤᠯᠭ᠎ᠠ ᠶᠢ ᠡᠯ᠎ᠡ ᠠᠵᠢᠯ ᠤᠨ ᠲᠤᠮᠳᠠ ᠪᠠᠨ ᠦᠨᠡᠨᠬᠦ ᠠᠭᠤᠰᠬᠠᠨ ᠣᠷᠣᠭᠤᠯᠵᠤ᠂ ᠨᠠᠩ ᠣᠯᠠᠨ ᠬᠥᠮᠦᠡ ᠳᠤ ᠬᠠᠤᠯᠢ ᠴᠠᠭᠠᠵᠠ ᠶᠢᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠬᠥᠳᠡᠯᠮᠦᠷᠢᠴᠢᠨ ᠬᠢᠭᠡᠳ ᠠᠵᠢᠯᠴᠢᠨ ᠬᠡᠷᠡᠭᠯᠡᠬᠦ ᠠᠵᠤ ᠠᠬᠤᠶᠢᠯᠠᠯ ᠤᠨ ᠡᠷᠬᠡ ᠪᠠᠨ ᠬᠠᠮᠠᠭᠠᠯᠠᠬᠤ ᠤᠬᠠᠮᠰᠠᠷ ᠪᠠ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠴᠢᠳᠠᠪᠤᠷᠢ ᠶᠢ ᠲᠡᠭᠡᠭᠰᠢᠯᠡᠬᠦᠯᠵᠦ᠂ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠳᠤ ᠬᠦᠴᠦᠨ ᠨᠡᠮᠡᠷᠢᠯᠡᠬᠦ ᠪᠤᠯᠤᠨ᠎ᠠ᠃                                                                ︵ᠭᠤᠤᠯᠴᠢ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号