ᠤᠷᠤᠨ ᠤ ᠲᠡᠰ ᠤᠨ ᠰᠢᠯᠢᠳᠡᠭ ᠬᠡᠷ ᠪᠦᠯᠢ ᠶᠢᠨ ᠡᠮᠴᠢ ᠶᠢᠨ ᠢᠷᠠᠭᠤ ᠠᠯᠳᠠᠷ ᠢ ᠬᠦᠷᠳᠡᠭᠰᠡᠨ ᠸᠠᠩ ᠴᠦᠨ ᠯᠢ
ᠨᠡᠶᠢᠲᠡᠯᠡᠭᠰᠡᠨ ᠴᠠᠭ᠄
2024/7/16
    ᠤᠶᠢᠷ᠎ᠠ ᠳᠤ᠂ ᠦᠪᠡᠷᠳᠡᠬᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠤᠨ ᠠᠯᠪᠠᠨ ᠬᠡᠷ ᠠᠴᠠ ᠲᠠᠷᠦᠮᠠᠯᠯᠠᠨ ᠲᠠᠷᠬᠠᠭᠠᠬᠰᠠᠨ 2024 ᠤᠨ ᠤ ᠬᠡᠷ ᠪᠦᠯᠢ ᠶᠢᠨ ᠡᠮᠴᠢ ᠶᠢᠨ ᠵᠦᠪᠯᠡᠯᠴᠡᠭᠡᠷ ᠲᠤᠬᠳᠠᠬᠤ ᠦᠢᠯᠡᠴᠢᠯᠡᠭᠡ ᠶᠢᠨ ᠠᠵᠢᠯ ᠤᠨ ᠲᠦᠰᠦᠪ ᠤᠨ ᠲᠤᠬᠠᠢ ᠮᠡᠳᠡᠭᠳᠡᠯ︾ ᠪᠠᠭᠤᠯᠭᠠᠬᠰᠠᠨ ᠪᠦᠭᠡᠳ ᠪᠦᠬᠦ ᠤᠷᠤᠨ ᠤ ᠡᠯ᠎ᠡ ᠠᠶᠢᠮᠠᠭ ᠬᠤᠳᠠ ᠠᠴᠠ ᠲᠤᠪᠤᠶᠢᠮ᠎ᠠ ᠴᠢᠳᠠᠪᠦᠷᠢ ᠲᠠᠢ᠂ ᠦᠢᠯᠡᠴᠢᠯᠡᠭᠡ ᠰᠢᠯᠢᠳᠡᠭ᠂ ᠤᠯᠠᠨ ᠲᠦᠮᠡᠨ ᠳᠤ ᠮᠡᠳᠡᠷᠡᠭᠳᠡᠭᠰᠡᠨ 2023 ᠤᠨ ᠤ ᠰᠢᠯᠢᠳᠡᠭ ᠬᠡᠷ ᠪᠦᠯᠢ ᠶᠢᠨ ᠡᠮᠴᠢ ᠶᠢᠨ ᠪᠦᠯᠬᠦᠮ ᠪᠠ ᠬᠡᠷ ᠪᠦᠯᠢ ᠶᠢᠨ ᠡᠮᠴᠢ ᠶᠢ ᠰᠤᠩᠭᠤᠨ ᠰᠢᠯᠭᠠᠷᠠᠭᠤᠯᠵᠠᠢ᠃ ᠡᠭᠦᠨ ᠳᠤ᠂ ᠤᠯᠠᠭᠠᠨᠬᠤᠳᠠ ᠶᠢᠨ ᠰᠢᠨ ᠴᠧᠩ ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠤᠨ ᠬᠡᠷ ᠪᠦᠯᠢ ᠶᠢᠨ ᠡᠮᠴᠢ ᠸᠠᠩ ᠴᠦᠨ ᠯᠢ 2023 ᠤᠨ ᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠢᠯᠢᠳᠡᠭ ᠭᠡᠷ ᠪᠦᠯᠢ ᠶᠢᠨ ᠡᠮᠴᠢ ᠶᠢᠨ ᠢᠷᠠᠭᠤ ᠠᠯᠳᠠᠷ ᠢ ᠬᠦᠷᠳᠡᠭᠰᠡᠨ ᠪᠠᠶᠢᠨ᠎ᠠ᠃     ᠸᠠᠩ ᠴᠦᠨ ᠯᠢ ᠡᠮᠴᠢ ᠪᠤᠯ ᠡᠪᠡᠳᠴᠢᠳᠡᠳ ᠤᠨ ᠢᠳᠡᠬᠡᠯ ᠢ ᠤᠯᠤᠬᠰᠠᠨ ᠬᠡᠷ ᠪᠦᠯᠢ ᠶᠢᠨ ᠡᠮᠴᠢ ᠮᠦᠨ᠃ ᠲᠡᠷᠡ ᠬᠡᠷ ᠪᠦᠯᠢ ᠶᠢᠨ ᠡᠮᠴᠢ ᠶᠢᠨ ᠪᠦᠯᠬᠦᠮ ᠤᠨ ᠲᠠᠷᠤᠭ᠎ᠠ ᠪᠤᠯᠤᠬᠰᠠᠨ ᠤ ᠬᠤᠪᠢ ᠳᠤ ᠬᠡᠷ ᠪᠦᠯᠢ ᠶᠢᠨ ᠡᠮᠴᠢ ᠶᠢᠨ ᠵᠦᠪᠯᠡᠯᠴᠡᠭᠡᠷ ᠲᠤᠬᠳᠠᠬᠤ ᠦᠢᠯᠡᠴᠢᠯᠡᠭᠡ ᠶᠢᠨ ᠠᠵᠢᠯ ᠢ ᠰᠠᠶᠢᠳᠦᠷ ᠬᠢᠬᠦ ᠶᠢᠨ ᠲᠦᠯᠦᠬᠡ ᠬᠦᠴᠦ ᠬᠦᠯᠦᠰᠦ ᠪᠠᠨ ᠤᠷᠤᠰᠬᠠᠪᠡ᠃ ᠲᠡᠷᠡ ᠨᠢᠬᠡ ᠵᠢᠯ ᠤᠨ ᠬᠤᠭᠤᠴᠠᠭᠠᠨ ᠳᠤ ᠪᠦᠯᠬᠦᠮ ᠢᠶᠠᠨ ᠲᠠᠭᠠᠭᠤᠯᠤᠨ᠂ ᠬᠠᠷᠢᠶᠠᠳᠤ ᠤᠷᠤᠨ ᠤ ᠪᠠᠨ 3598 ᠬᠦᠮᠦᠨ ᠤ ᠡᠷᠡᠬᠦᠯ ᠮᠡᠨᠳᠤ ᠶᠢᠨ ᠪᠠᠶᠢᠳᠠᠯ ᠢ ᠪᠠᠶᠢᠴᠠᠭᠠᠵᠦ ᠵᠠᠳᠠᠯᠦᠨ᠂ ᠪᠦᠯᠬᠦᠮ ᠤᠨ ᠬᠠᠮᠢᠶᠠᠷᠴᠦ ᠪᠠᠶᠢᠭ᠎ᠠ ᠬᠠᠷᠢᠶᠠᠳᠤ ᠤᠷᠤᠨ ᠤ ᠪᠠᠨ ᠲᠤᠳᠤᠷᠠᠬᠢ 476 ᠨᠠᠰᠦᠳᠠᠨ ᠵᠢᠴᠢ 334 ᠨᠡᠷᠡᠰ ᠴᠢᠰᠦᠨ ᠲᠠᠷᠦᠯᠳᠠ ᠦᠨᠳᠦᠷ ᠡᠪᠡᠳᠴᠢᠳᠡᠨ᠂ 111 ᠨᠡᠷᠡᠰ ᠰᠢᠬᠢᠷ ᠰᠢᠵᠢᠩ ᠡᠪᠡᠳᠴᠢᠨ ᠲᠠᠢ᠃ ᠡᠪᠡᠳᠴᠢᠳᠡᠨ ᠤ 85% ᠨᠢ ᠪᠦᠷ ᠲᠡᠬᠦᠨ ᠤ ᠪᠦᠯᠬᠦᠮ ᠲᠠᠢ ᠵᠦᠪᠯᠡᠯᠴᠡᠭᠡᠷ ᠲᠤᠬᠳᠠᠵᠦ᠂ ᠶᠡᠷᠡᠭᠡᠳ ᠢᠯᠡᠬᠦᠦ ᠬᠦᠳᠡᠯᠵᠦ ᠪᠠᠷᠢᠬᠤ ᠳᠤ ᠲᠦᠬᠦᠮ ᠦᠬᠡᠢ ᠨᠠᠰᠦᠳᠠᠨ ᠳᠤ ᠡᠷᠡᠬᠦᠯ ᠮᠡᠨᠳᠤ ᠶᠢᠨ ᠺᠠᠷᠲ ᠪᠠᠶᠢᠭᠤᠯᠵᠦ᠂ ᠬᠦᠮᠦᠨ ᠪᠦᠷᠢ ᠶᠢᠨ ᠡᠷᠡᠬᠦᠯ ᠮᠡᠨᠳᠤ ᠶᠢᠨ ᠪᠠᠶᠢᠳᠠᠯ ᠢ ᠲᠤᠳᠤᠷᠬᠠᠢ ᠤᠶᠢᠯᠠᠭᠠᠵᠦ ᠪᠠᠶᠢᠳᠠᠭ᠃ ᠲᠡᠷᠡ ᠢᠮᠠᠬᠳᠠ ᠰᠠᠭᠤᠭᠠᠯᠢ ᠠᠷᠠᠳ ᠲᠤ ᠦᠢᠯᠡᠴᠢᠯᠡᠬᠦ ᠤᠭ ᠰᠠᠨᠠᠭ᠎ᠠ ᠪᠠᠨ ᠪᠠᠳᠦ ᠴᠡᠭᠡᠵᠢᠯᠡᠵᠦ᠂ ᠪᠤᠳᠠᠳᠤ ᠦᠢᠯᠡ ᠠᠵᠢᠯᠯᠠᠭ᠎ᠠ ᠪᠠᠷ ᠢᠶᠠᠨ ᠡᠮᠴᠢᠯᠡᠬᠡᠨ ᠤ ᠠᠵᠢᠯᠳᠠᠨ ᠤ ᠡᠬᠦᠷᠭᠡ ᠬᠠᠷᠢᠭᠤᠴᠠᠯᠭ᠎ᠠ ᠪᠠᠨ ᠬᠦᠢᠴᠡᠳᠬᠡᠵᠦ ᠪᠠᠶᠢᠳᠠᠭ᠃     ᠸᠠᠩ ᠴᠦᠨ ᠯᠢ ᠲᠡᠭᠡᠷ᠎ᠡ ᠱᠠᠳᠦᠨ ᠤ ᠡᠮᠨᠡᠯᠬᠡ ᠶᠢᠨ ᠬᠤᠷᠢᠶ᠎ᠠ ᠲᠠᠢ ᠢᠳᠡᠪᠬᠢᠳᠡᠢ ᠬᠠᠷᠢᠯᠴᠠᠨ ᠵᠤᠬᠢᠴᠠᠭᠤᠯᠵᠦ᠂ ᠡᠮᠨᠡᠯᠬᠡ ᠰᠢᠯᠵᠢᠬᠦ ᠴᠢᠬᠤᠯᠠᠳᠠᠢ ᠡᠪᠡᠳᠴᠢᠳᠡᠨ ᠳᠤ ᠲᠦᠬᠦᠮ ᠦᠵᠡᠬᠦᠯᠵᠦ᠂ ᠡᠪᠡᠳᠴᠢᠳᠡᠨ ᠤ ᠴᠠᠭ ᠲᠤᠬᠠᠢ ᠳᠤᠨᠢ ᠤᠨᠤᠰᠢᠯᠠᠨ ᠵᠠᠰᠠᠭᠤᠯᠬᠤ ᠶᠢ ᠪᠠᠳᠦᠯᠠᠵᠦ ᠪᠠᠶᠢᠳᠠᠭ᠃ ᠲᠡᠷᠡ ᠬᠡᠵᠢᠶᠡᠳᠡ ᠡᠮᠨᠡᠯᠬᠡ ᠰᠢᠯᠵᠢᠬᠦ ᠡᠪᠡᠳᠴᠢᠳᠡᠨ ᠤ ᠪᠠᠶᠢᠳᠠᠯ ᠢ ᠨᠢᠬᠳᠠ ᠠᠩᠬᠠᠷᠴᠦ᠂ ᠲᠡᠳᠡᠨ ᠤ ᠡᠪᠡᠳᠴᠢᠨ ᠤ ᠪᠠᠶᠢᠳᠠᠯ ᠪᠠ ᠡᠷᠡᠬᠦᠯᠵᠢᠭᠰᠡᠨ ᠪᠠᠶᠢᠳᠠᠯ ᠢ ᠴᠠᠭ ᠲᠤᠬᠠᠢ ᠳᠤᠨᠢ ᠤᠶᠢᠯᠠᠭᠠᠵᠦ᠂ ᠤᠳᠠᠰᠦ ᠠᠪᠴᠦ ᠵᠢᠯᠤᠭᠤᠳᠤᠯᠭ᠎ᠠ ᠬᠢᠳᠡᠭ᠃     ᠨᠡᠶᠢᠬᠡᠮ ᠲᠤᠭᠤᠷᠢᠭ ᠲᠤ ᠦᠷᠬᠦᠯᠵᠢ ᠸᠠᠩ ᠴᠦᠨ ᠯᠢ ᠶᠢᠨ ᠪᠠᠷ᠎ᠠ ᠶᠢ ᠤᠯᠵᠦ ᠬᠠᠷᠠᠳᠠᠭ᠃ ᠲᠡᠷᠡ ᠡᠷᠡᠬᠦᠯ ᠮᠡᠨᠳᠤ ᠶᠢᠨ ᠰᠠᠭᠤᠳᠠᠯ ᠤᠨ ᠬᠤᠷᠠᠯ ᠬᠢᠵᠦ ᠰᠠᠭᠤᠭᠠᠯᠢ ᠠᠷᠠᠳ ᠲᠠᠢ ᠶᠠᠷᠢᠯᠴᠠᠨ᠂ ᠡᠪᠡᠳᠴᠢᠨ ᠡᠮᠬᠡᠭ ᠢ ᠤᠷᠢᠳᠴᠢᠯᠠᠨ ᠰᠡᠷᠬᠡᠶᠢᠯᠡᠬᠦ ᠪᠠ ᠡᠷᠡᠬᠦᠯ ᠮᠡᠨᠳᠤ ᠶᠢᠨ ᠬᠠᠮᠢᠶᠠᠷᠦᠯᠳᠠ ᠶᠢᠨ ᠮᠡᠳᠡᠯᠬᠡ ᠶᠢ ᠲᠦᠬᠡᠮᠡᠯᠵᠢᠬᠦᠯᠵᠦ᠂ ᠤᠯᠠᠨ ᠲᠦᠡᠮᠨ ᠢ ᠡᠷᠡᠬᠦᠯ ᠴᠢᠬᠢᠷᠠᠭ ᠠᠮᠢᠳᠦᠷᠠᠯ ᠤᠨ ᠵᠠᠩ ᠲᠠᠳᠬᠠᠯ ᠲᠠᠢ ᠪᠤᠯᠬᠤ ᠶᠢ ᠤᠷᠢᠶᠠᠯᠠᠳᠠᠭ᠃ ᠲᠡᠬᠦᠨ ᠤ ᠨᠦᠯᠦᠬᠡ ᠪᠠᠷ᠂ ᠨᠡᠩ ᠤᠯᠠᠨ ᠡᠪᠡᠳᠴᠢᠳᠡᠨ ᠡᠷᠡᠬᠦᠯ ᠮᠡᠨᠳᠤ ᠶᠢᠨ ᠬᠠᠮᠢᠶᠠᠷᠦᠯᠳᠠ ᠪᠠ ᠡᠪᠡᠳᠴᠢᠨ ᠡᠮᠬᠡᠭ ᠢ ᠤᠷᠢᠳᠴᠢᠯᠠᠨ ᠰᠡᠷᠬᠡᠶᠢᠯᠡᠬᠦ ᠶᠢ ᠴᠢᠬᠤᠯᠠᠴᠢᠯᠠᠬᠤ ᠪᠤᠯᠵᠠᠢ᠃     ᠸᠠᠩ ᠴᠦᠨ ᠯᠢ ᠬᠡᠷ ᠪᠦᠯᠢ ᠶᠢᠨ ᠡᠮᠴᠢ ᠶᠢᠨ ᠡᠬᠡᠯ ᠵᠢᠷ ᠤᠨ ᠠᠵᠢᠯ ᠤᠨ ᠪᠠᠶᠢᠷᠢᠨ ᠳᠠᠭᠠᠨ ᠭᠠᠪᠰᠢᠭᠠᠶᠢᠯᠠᠵᠦ᠂ ᠠᠮᠢ ᠨᠠᠰᠦ ᠶᠢ ᠲᠡᠭᠡᠳᠦᠯᠡᠨ᠂ ᠤᠯᠠᠨ ᠲᠦᠮᠡᠨ ᠳᠤ ᠰᠠᠶᠢᠳᠦᠷ ᠦᠢᠯᠡᠴᠢᠯᠡᠬᠦ ᠡᠮᠴᠢᠯᠡᠬᠡᠨ ᠤ ᠠᠵᠢᠯᠳᠠᠨ ᠤ ᠤᠭ ᠰᠠᠨᠠᠭ᠎ᠠ ᠶᠢ ᠡᠪᠦᠷᠯᠡᠨ ᠬᠠᠷᠠᠮ ᠦᠬᠡᠢ ᠵᠢᠳᠬᠦᠵᠦ᠂ ᠨᠡᠶᠢᠬᠡᠮ ᠲᠤᠭᠤᠷᠢᠭ ᠤᠨ ᠤᠯᠠᠨ ᠲᠦᠮᠡᠨ ᠤ ᠡᠷᠡᠬᠦᠯ ᠮᠡᠨᠳᠤ ᠶᠢᠨ ᠲᠦᠯᠦᠬᠡ ᠦᠪᠡᠷ ᠤᠨ ᠬᠡᠰᠡᠨ ᠬᠦᠴᠦᠨ ᠴᠢᠳᠠᠯ ᠢᠶᠠᠨ ᠡᠷᠬᠦᠵᠦ ᠶᠠᠪᠤᠨ᠎ᠠ᠃                                                                        ︵ᠬᠠᠨ᠎ᠠ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号