ᠤᠮᠠᠷᠠᠳᠤ ᠬᠢᠯᠢ ᠶᠢᠨ ᠰᠤᠶᠤᠯ  — 2024  ᠤᠨ ᠤ ᠬᠢᠨᠭ᠍ᠭᠠᠨ ᠠᠶᠢᠮᠠᠭ ᠤᠨ ᠨᠠᠭᠠᠳᠥᠮ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2024/7/19
     ᠲᠡᠯᠭᠡᠷ ᠵᠤᠨ ᠤ 7 ᠰᠠᠷ᠎ᠠ ᠶᠢᠨ 17 ᠤ ᠡᠳᠥᠷ᠂ 2024 ‍ᠣᠨ‌‍ᠣ ᠬᠢᠨᠭ᠍ᠭᠠᠨ ᠠᠶᠢᠮᠠᠭ ᠤᠨ ᠨᠠᠭᠠᠳᠥᠮ ᠤᠨ ᠤᠯᠠᠷᠢᠯ  ᠤᠨ ᠡᠬᠢᠯᠡᠯᠳᠡ ᠶᠢᠨ ᠶᠤᠰᠤᠯᠠᠯ ᠬᠢᠨᠭ᠍ᠭᠠᠨ ᠠᠢᠮᠠᠭ ᠤᠨ ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤᠨ ᠤ ᠤᠯᠠᠭᠠᠨᠮᠥᠳᠥ ᠳᠠᠯ᠎ᠠ ᠨᠤᠳᠤᠭ ᠲᠤ ᠦᠪᠡᠳᠡᠭᠰᠢ ᠶᠡᠭᠡ ᠪᠠᠷ ᠡᠬᠢᠯᠡᠵᠤ᠂ 10 ᠲᠦᠮᠡᠨ ᠵᠢᠭᠤᠯᠴᠢᠯᠠᠭᠴᠢ ᠪᠠ ᠮᠠᠯᠴᠢᠨ ᠳᠠᠷᠢᠶᠠᠴᠢᠨ ᠡᠬᠢᠯᠡᠯᠳᠡ ᠶᠢᠨ ᠶᠤᠰᠤᠯᠠᠯ ᠢ ᠰᠤᠨᠢᠷᠬᠠᠭᠰᠠᠨ ᠪᠠᠶᠢᠨ᠎ᠠ᠃
     ᠲᠤᠰ ᠤᠳᠠᠭᠠᠨ ᠤ ᠨᠠᠭᠠᠳᠥᠮ ᠤᠨ ᠤᠯᠠᠷᠢᠯ ᠢ ︽ᠬᠤᠪᠢᠰᠬᠠᠯᠳᠥ ᠬᠢᠨᠭ᠍ᠭᠠᠨ᠂ ᠪᠤᠬᠢᠷᠳᠤᠯ ᠦᠬᠡᠢ ᠬᠦᠭᠵᠢᠯᠳᠡ᠂ ᠪᠢ ᠳᠠᠯ᠎ᠠ ᠨᠤᠳᠤᠭ ᠲᠠᠢ ᠪᠠᠨ ᠪᠤᠯᠵᠤᠭ᠎ᠠ ᠲᠠᠢ᠂ ᠠᠭᠤᠰᠤᠯᠴᠠᠯ ᠢ ᠬᠠᠮᠳᠥ ᠪᠠᠷ ᠡᠳ᠋ᠯᠡᠬᠦ᠂ ᠡᠳᠥᠷ ᠪᠦᠷᠢ ᠨᠠᠭᠠᠳᠥᠮ ᠲᠠᠢ︾ ᠭᠡᠬᠦ ᠭᠤᠤᠯ ᠰᠡᠳᠥᠪ ᠢᠶᠠᠷ 7 ᠰᠠᠷ᠎ᠠ ᠶᠢᠨ 17 ᠤ ᠡᠳᠥᠷ ᠠᠴᠠ 8 ᠰᠠᠷ᠎ᠠ ᠶᠢᠨ 18 ᠤ ᠡᠳᠥᠷ ᠪᠤᠯᠳᠠᠯ᠎ᠠ ᠶᠠᠪᠤᠭᠳᠠᠭᠤᠯᠬᠤ ᠪᠦᠭᠡᠳ ᠰᠤᠶᠤᠯ ᠤᠷᠠᠯᠢᠭ ᠤᠨ ᠬᠦᠳᠡᠯᠭᠡᠭᠡᠨ᠂ ᠤᠯᠠᠮᠵᠢᠯᠠᠯᠳᠤ ᠲᠠᠮᠢᠷ   ᠤᠨ ᠤᠷᠤᠯᠳᠤᠭᠠᠨ᠂ ᠵᠢᠭᠤᠯᠴᠢᠯᠠᠯ ᠢ ᠪᠡᠶᠡᠴᠢᠯᠡᠨ ᠣᠶᠢᠯᠠᠭᠠᠬᠤ ᠵᠡᠷᠭᠡ 100 ᠭᠠᠷᠤᠢ ᠵᠥᠢᠯ ᠤᠨ ᠠᠵᠢᠯᠯᠠᠭ᠎ᠠ ᠳᠤᠬᠢᠷᠠᠭᠤᠯᠪᠠ᠃      ᠪᠠᠰᠠ ᠡᠳᠥᠷ ᠪᠦᠷᠢ ᠤᠯᠠᠮᠵᠢᠯᠠᠯᠳᠥ ᠨᠠᠭᠠᠳᠥᠮ ᠰᠤᠨᠢᠷᠬᠠᠬᠤ᠂ ᠴᠤᠭᠯᠠᠭ᠎ᠠ ᠮᠠᠶᠢᠮᠠᠢ ᠶᠢᠨ ᠳᠡᠯᠭᠡᠨ ᠪᠤᠷᠤᠯᠠᠭᠤᠯᠭ᠎ᠠ ᠪᠠᠷ ᠳᠤᠭᠤᠷᠢᠬᠤ᠂ ᠳᠠᠭᠤᠤ ᠬᠦᠭᠵᠢᠮ ᠤᠨ ᠨᠠᠶᠢᠷ ᠰᠤᠨᠢᠷᠬᠠᠬᠤ᠂ ᠳᠠᠯ᠎ᠠ ᠨᠤᠳᠤᠭ ᠢᠶᠠᠷ ᠵᠢᠭᠤᠯᠴᠢᠯᠠᠬᠤ᠂ ᠮᠤᠷᠢᠨ ᠮᠡᠷᠭᠡᠵᠢᠯ ᠤᠨ ᠦᠵᠡᠬᠦᠯᠭᠡ ᠶᠢ ᠰᠤᠨᠢᠷᠬᠠᠬᠤ ᠵᠡᠷᠭᠡ 7 ᠶᠡᠭᠡ ᠲᠦᠷᠥᠯ ᠤᠨ ᠠᠵᠢᠯᠯᠠᠭ᠎ᠠ ᠳᠤᠬᠢᠷᠠᠭᠤᠯᠵᠤ᠂ ᠬᠤᠯᠠ ᠣᠶᠢᠷ᠎ᠡ ᠠᠴᠠ ᠬᠦᠷᠥᠯᠴᠡᠨ ᠢᠷᠡᠭᠰᠡᠨ ᠵᠤᠴᠢᠳ ᠤᠨ ᠢᠶᠠᠨ ᠬᠠᠷᠠᠭ᠎ᠠ ᠰᠤᠨᠤᠷ ᠢ ᠪᠠᠶᠠᠰᠬᠠᠬᠤ ᠪᠤᠯᠤᠨ᠎ᠠ᠃      ᠲᠤᠰ ᠤᠳᠠᠭᠠᠨ ᠤ ᠨᠠᠭᠠᠳᠥᠮ ᠤᠨ ᠤᠯᠠᠷᠢᠯ ᠨᠢ ᠦᠨᠳᠥᠰᠥᠳᠡᠨ ᠤ ᠰᠤᠶᠤᠯ ᠤᠨ ᠠᠭᠤᠯᠬᠤᠨ ᠪᠠ ᠬᠦᠨ ᠵᠤᠵᠠᠭᠠᠨ ᠬᠠᠶᠢᠷ᠎ᠠ ᠰᠡᠳᠬᠢᠯᠭᠡ ᠶᠢ ᠠᠴᠢᠶᠠᠯᠠᠵᠤ᠂ ᠤᠮᠠᠷᠠᠳᠥ ᠶᠢᠨ ᠰᠤᠶᠤᠯ ᠢ ᠢᠯᠡᠷᠡᠬᠦᠯᠥᠨ᠂ ᠳᠤᠮᠳᠠᠳᠥ ᠶᠢᠨ ᠦᠨᠳᠥᠰᠥᠳᠡᠨ ᠤ ᠬᠠᠮᠳᠥ ᠶᠢᠨ ᠤᠶᠤᠨ ᠰᠠᠨᠠᠭᠠᠨ ᠤ ᠭᠡᠷ ᠤᠷᠤᠨ ᠢ ᠪᠦᠳᠥᠭᠡᠨ ᠪᠠᠶᠢᠭᠤᠯᠬᠤ ᠴᠢᠬᠤᠯᠠ ᠳᠠᠪᠴᠠᠩ ᠪᠤᠯᠤᠬᠰᠠᠨ ᠪᠠᠶᠢᠨ᠎ᠠ᠃ ᠡ᠊ᠨᠡ ᠵᠢᠯ᠂ ᠬᠢᠨᠭ᠍ᠭᠠᠨ ᠠᠢᠮᠠᠭ ᠤᠯᠠᠨ ᠲᠦᠮᠡᠨ ᠤ ᠬᠦᠷᠢᠶᠡᠯᠡᠯ ᠢ ᠤᠯᠤᠭᠰᠠᠨ᠂ ᠰᠤᠶᠤᠯ ᠢ ᠬᠠᠮᠳᠥ ᠪᠠᠷ ᠡᠳ᠋ᠯᠡᠭᠰᠡᠨ᠂ ᠰᠤᠶᠤᠯ ᠵᠢᠭᠤᠯᠴᠢᠯᠠᠯ ᠢ ᠠᠭᠤᠰᠤᠯᠴᠠᠭᠤᠯᠤᠭᠰᠠᠨ ᠨᠠᠭᠠᠳᠥᠮ ᠤᠨ ᠰᠢᠷᠢᠰ ᠠᠵᠢᠯᠯᠠᠭ᠎ᠠ ᠦᠷᠨᠢᠬᠦᠯᠵᠦ᠂ ᠵᠢᠭᠤᠯᠴᠢᠯᠠᠯ ᠤᠨ ᠥᠢᠯᠡᠰ ᠤᠨ ᠬᠦᠭᠵᠢᠯᠳᠡ ᠶᠢ ᠠᠬᠢᠭᠤᠯᠤᠨ᠂ ᠬᠢᠨᠭ᠍ᠭᠠᠨ ᠠᠶᠢᠮᠠᠭ ᠤᠨ ᠠᠵᠤ ᠠᠬᠤᠢ ᠶᠢᠨ ᠬᠦᠭᠵᠢᠯᠳᠡ ᠳᠤ ᠰᠢᠨ᠎ᠡ ᠴᠢᠨᠠᠷ ᠪᠦᠬᠦᠢ ᠥᠢᠯᠡᠳᠪᠤᠷᠢᠯᠡᠯ ᠤᠨ ᠬᠦᠴᠥᠨ ᠢ ᠤᠯᠭᠤᠬᠤ ᠪᠠᠷ ᠴᠢᠷᠮᠠᠶᠢᠵᠦ ᠪᠤᠢ᠃
        ᠵᠢᠷᠤᠬ ᠪᠤᠯ ᠨᠠᠭᠠᠳᠥᠮ ᠤᠨ ᠤᠯᠠᠷᠢᠯ ᠤᠨ ᠡᠬᠢᠯᠡᠯᠳᠠ ᠶᠢᠨ ᠠᠬᠤᠢ ᠳᠠᠯᠠᠪᠠᠢ ᠪᠤᠯᠤᠨ᠎ᠠ᠃                                                               ᠪᠢᠯᠢᠭ ᠰᠡᠬᠦᠳᠡᠷᠯᠡᠪᠡ
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号