ᠤᠯᠠᠭᠠᠨᠬᠤᠳᠠ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠰᠢᠨ᠎ᠠ ᠬᠠᠭᠤᠳᠠᠰᠦ ᠶᠢ ᠰᠠᠶᠢᠳᠦᠷ ᠪᠢᠴᠢᠭᠯᠡᠵᠦ ᠪᠠᠶᠢᠭ᠎ᠠ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/7/2
     ᠡᠨᠡ ᠵᠢᠯ ᠠᠴᠠ ᠨᠠᠭᠠᠰᠢ᠂ ᠤᠯᠠᠭᠠᠨᠬᠤᠳᠠ ︽ᠮᠢᠩᠭ᠎ᠠ ᠲᠦᠮᠡᠡ ᠢᠨᠵᠧᠨᠧᠷᠢᠩ︾ ᠤᠨ ᠲᠤᠷᠰᠢᠯᠭ᠎ᠠ ᠶᠢ ᠰᠠᠶᠢᠳᠦᠷ ᠰᠤᠷᠤᠯᠴᠠᠨ ᠠᠰᠢᠬᠯᠠᠬᠤ ᠪᠠᠷ ᠬᠦᠳᠡᠭᠡ ᠲᠤᠰᠬᠤᠨ ᠢ ᠪᠦᠬᠦ ᠲᠠᠯ᠎ᠠ ᠪᠠᠷ ᠬᠦᠭᠵᠢᠬᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠭᠠᠷᠳᠠᠴᠠ ᠪᠤᠯᠭᠠᠵᠦ᠂ ᠤᠯᠠᠭᠠᠨᠬᠤᠳᠠ ᠶᠢᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠵᠢᠴᠢ ᠭᠤᠶᠤ ᠰᠠᠶᠢᠬᠠᠨ ᠲᠤᠮᠤ ᠤᠯᠠᠭᠠᠨᠬᠤᠳᠠ ᠶᠢᠨ ᠤᠶᠢᠷ᠎ᠠ ᠬᠠᠪᠢ ᠶᠢᠨ ᠲᠦᠷᠦᠯ ᠵᠦᠢᠯ ᠢ ᠬᠠᠮᠤᠭ ᠤᠨ ᠲᠦᠷᠦᠬᠦᠨ ᠳᠤ ᠪᠠᠶᠢᠭᠤᠯᠵᠦ᠂ ᠲᠤᠬᠠᠢ ᠶᠢᠨ ᠭᠠᠵᠠᠷ ᠤᠨ ᠤᠨᠴᠠᠯᠢᠭ ᠲᠤᠨᠢ ᠲᠤᠬᠢᠷᠠᠭᠤᠯᠵᠦ᠂ ᠤᠨᠴᠠᠯᠢᠬᠳᠤ ᠨᠡᠶᠢᠳᠡᠯᠢᠭ ᠰᠢᠶᠠᠩ ᠪᠠᠯᠭᠠᠰᠦ᠂ ᠭᠠᠴᠠᠭ᠎ᠠ ᠲᠤᠰᠬᠤᠨ ᠢ ᠪᠠᠶᠢᠭᠤᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠪᠠᠳᠦ ᠴᠢᠩᠭ᠎ᠠ ᠬᠦᠳᠡᠯᠭᠡᠭᠴᠢ ᠬᠦᠴᠦᠨ ᠤᠯᠭᠤᠬᠰᠠᠨ ᠪᠠᠶᠢᠨ᠎ᠠ᠃      ᠤᠯᠠᠭᠠᠨᠬᠤᠳᠠ ᠶᠢᠨ ᠤᠯᠠᠭᠠᠨᠬᠠᠳᠠ ᠪᠠᠯᠭᠠᠰᠦ ᠶᠢᠨ ᠭᠤᠤ ᠶᠢᠨ ᠠᠶᠢᠯ ᠭᠠᠴᠠᠭ᠎ᠠ ᠶᠢᠨ ᠤᠷᠴᠢᠨ ᠲᠤᠭᠤᠷᠢᠨ ᠢ ᠴᠡᠭᠴᠡᠯᠡᠨ ᠵᠠᠰᠠᠬᠤ ᠲᠦᠷᠦᠯ ᠵᠦᠢᠯ ᠤᠨ ᠲᠤᠬᠠᠢ ᠶᠢᠨ ᠲᠠᠯᠠᠪᠦᠷ ᠲᠤ᠂ ᠠᠵᠢᠯᠳᠠᠳ ᠶᠠᠭ ᠰᠠᠶ᠋ᠢᠬᠠᠨ ᠵᠠᠮ ᠢ ᠲᠡᠭᠰᠢᠯᠡᠨ ᠵᠠᠰᠠᠬᠤ᠂ ᠠᠷᠠᠳ ᠤᠨ ᠪᠠᠭᠤᠳᠠᠯ ᠤᠨ ᠪᠠᠶᠢᠭᠤᠯᠤᠯᠳᠠ ᠵᠡᠷᠭᠡ ᠠᠵᠢᠯ ᠢ ᠬᠢᠵᠦ ᠶᠠᠭᠠᠷᠠᠯᠳᠤᠵᠦ ᠪᠠᠶᠢᠯ᠎ᠠ᠃ ᠤᠯᠠᠭᠠᠨᠬᠤᠳᠠ ᠶᠢᠨ ︽ᠮᠢᠩᠭ᠎ᠠ ᠲᠦᠮᠡᠡ ᠢᠨᠵᠧᠨᠧᠷᠢᠩ︾ ᠤᠨ ᠭᠤᠤᠯᠳᠠᠯᠭ᠎ᠠ ᠲᠠᠢ 5 ᠭᠠᠴᠠᠭ᠎ᠠ ᠲᠤᠰᠬᠤᠨ ᠤ ᠨᠢᠬᠡ ᠪᠤᠯᠤᠬᠰᠠᠨ ᠤ ᠬᠤᠪᠢ ᠳᠤ᠂ ᠭᠤᠤ ᠶᠢᠨ ᠠᠶᠢᠯ ᠭᠠᠴᠠᠭ᠎ᠠ ᠡᠨᠡ ᠵᠢᠯ ᠤᠰᠤ ᠲᠦᠭᠡᠭᠡᠵᠦ ᠭᠠᠳᠠᠬᠰᠢᠯᠠᠭᠤᠯᠬᠤ ᠶᠢ ᠨᠢᠬᠡ ᠴᠤᠬᠴᠠᠵᠢᠭᠤᠯᠬᠤ᠂ ᠲᠦᠬᠦᠭᠡᠷᠦᠮᠵᠢᠳᠤ ᠲᠠᠷᠢᠶᠠᠯᠠᠩ ᠢ ᠬᠠᠮᠠᠭᠠᠯᠠᠬᠤ᠂ ᠱᠧᠨ ᠵᠢᠶᠦ᠋ᠨ ᠸᠠᠨ ᠤᠨᠴᠠᠯᠢᠬᠳᠤ ᠠᠷᠠᠳ ᠤᠨ ᠪᠠᠭᠤᠳᠠᠯ ᠵᠡᠷᠭᠡ 9 ᠲᠦᠷᠦᠯ ᠵᠦᠢᠯ ᠢ ᠬᠡᠷᠡᠭᠵᠢᠬᠦᠯᠵᠡᠢ᠃      ᠤᠯᠠᠭᠠᠨᠬᠠᠳᠠ ᠪᠠᠯᠭᠠᠰᠦ ᠶᠢᠨ ᠭᠤᠤ ᠶᠢᠨ ᠠᠶᠢᠯ ᠭᠠᠴᠠᠭ᠎ᠠ ᠬᠦᠮᠦᠨ ᠠᠷᠠᠳ ᠤᠨ ᠤᠷᠤᠰᠢᠨ ᠰᠠᠭᠤᠷᠢᠰᠢᠬᠤ ᠳᠤ ᠲᠠᠭᠠᠯᠠᠮᠵᠢᠳᠠᠢ ᠤᠷᠴᠢᠨ ᠲᠤᠭᠤᠷᠢᠨ ᠢ ᠪᠠᠶᠢᠭᠤᠯᠬᠤ ᠪᠠᠷ ᠴᠢᠷᠮᠠᠶᠢᠵᠦ᠂ ᠨᠦᠬᠡ ᠭᠤᠤ ᠶᠢ ᠴᠡᠪᠡᠷᠯᠡᠬᠦ᠂ ᠵᠠᠮ ᠢ ᠬᠠᠳᠠᠭᠤᠷᠠᠭᠤᠯᠬᠤ᠂ ᠰᠠᠭᠤᠷᠢ ᠲᠤᠨᠤᠭ ᠲᠦᠬᠦᠭᠡᠷᠦᠮᠵᠢ ᠶᠢ ᠲᠡᠰ ᠲᠡᠪᠰᠢᠬᠦᠯᠬᠦ ᠵᠡᠷᠭᠡ ᠶᠢ ᠭᠤᠤᠯᠳᠠᠯᠭ᠎ᠠ ᠲᠠᠢ ᠡᠬᠦᠷᠭᠡ ᠪᠤᠯᠭᠠᠵᠦ᠂ ᠬᠦᠳᠡᠭᠡ ᠲᠤᠰᠬᠤᠨ ᠤ ᠤᠷᠴᠢᠨ ᠲᠤᠭᠤᠷᠢᠨ ᠢ ᠤᠯᠠᠮ ᠨᠢᠬᠡ ᠠᠯᠬᠤᠮ ᠭᠤᠶᠤᠵᠢᠭᠤᠯᠵᠦ᠂ ᠲᠠᠷᠢᠶᠠᠯᠠᠩ ᠰᠤᠶᠤᠯ ᠵᠢᠭᠤᠯᠴᠢᠯᠠᠯ ᠤᠨ ᠠᠵᠦ ᠦᠢᠯᠡᠰ ᠤᠨ ᠠᠭᠤᠰᠤᠯᠴᠠᠯ ᠬᠦᠭᠵᠢᠯᠳᠡ ᠶᠢ ᠠᠬᠢᠭᠤᠯᠵᠦ᠂ ᠰᠠᠭᠤᠷᠢᠰᠢᠬᠤ ᠳᠤ ᠲᠠᠭᠠᠯᠠᠮᠵᠢᠳᠠᠢ ᠦᠢᠯᠡᠰ ᠪᠤᠰᠬᠠᠬᠤ ᠳᠤ ᠲᠤᠬᠢᠷᠠᠮᠵᠢᠳᠠᠢ ᠵᠢᠭᠤᠯᠴᠢᠯᠠᠬᠤ ᠳᠤ ᠲᠠᠭᠠᠳᠠᠢ ᠭᠤᠶᠤ ᠰᠠᠶᠢᠬᠠᠨ ᠬᠦᠳᠡᠭᠡ ᠲᠤᠰᠬᠤᠨ ᠤ ︽ᠲᠠᠭᠤᠷᠢᠶᠠᠯᠳᠤ ᠤᠷᠤᠨ︾ ᠢ ᠪᠦᠬᠦ ᠬᠦᠴᠦᠨ ᠢᠶᠠᠷ ᠪᠠᠶᠢᠭᠤᠯᠵᠦ ᠪᠤᠢ᠃      ᠤᠯᠠᠭᠠᠨᠬᠠᠳᠠ ᠪᠠᠯᠭᠠᠰᠦ ᠶᠢᠨ ᠨᠠᠮ ᠤᠨ ᠡᠬᠦᠷ ᠤᠨ ᠱᠦᠵᠢ᠂ ᠨᠠᠮ ᠤᠨ ᠬᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠦᠪ ᠤᠨ ᠡᠷᠬᠢᠯᠡᠭᠴᠢ ᠮᠢ ᠵᠠᠨ ᠶᠤᠸᠠᠨ᠄ ︽2024 ᠤᠨ ᠳᠤ᠂ ᠤᠯᠠᠭᠠᠨᠬᠠᠳᠠ ᠪᠠᠯᠭᠠᠰᠦ ᠰᠠᠭᠤᠷᠢᠰᠢᠬᠤ ᠳᠤ ᠲᠠᠭᠠᠯᠠᠮᠵᠢᠳᠠᠢ ᠦᠢᠯᠡᠰ ᠪᠤᠰᠬᠠᠬᠤ ᠳᠤ ᠲᠤᠬᠢᠷᠠᠮᠵᠢᠳᠠᠢ ᠵᠢᠭᠤᠯᠴᠢᠯᠠᠬᠤ ᠳᠤ ᠲᠠᠭᠠᠳᠠᠢ ᠭᠤᠶᠤ ᠰᠠᠶᠢᠬᠠᠨ ᠬᠦᠳᠡᠭᠡ ᠲᠤᠰᠬᠤᠨ ᠢ ᠪᠠᠶᠢᠭᠤᠯᠬᠤ ᠪᠠᠷ ᠬᠠᠷᠠᠯᠳᠠ ᠪᠤᠯᠭᠠᠵᠦ᠂ ︿ᠮᠢᠩᠭ᠎ᠠ ᠲᠦᠮᠡᠡ ᠢᠨᠵᠧᠨᠧᠷᠢᠩ﹀ ᠢ ᠡᠬᠦᠳᠦᠨ ᠪᠠᠶᠢᠭᠤᠯᠬᠤ ᠠᠵᠢᠯᠯᠠᠭ᠎ᠠ ᠪᠤᠯᠤᠨ ᠬᠦᠳᠡᠭᠡ ᠲᠤᠰᠬᠤᠨ ᠤ ᠠᠷᠠᠳ ᠤᠨ ᠰᠠᠭᠤᠷᠢᠰᠢᠬᠤ ᠳᠤ ᠲᠠᠭᠠᠯᠠᠮᠵᠢᠳᠠᠢ ᠤᠷᠴᠢᠨ ᠲᠤᠭᠤᠷᠢᠨ ᠢ ᠴᠡᠭᠴᠡᠯᠡᠨ ᠵᠠᠰᠠᠬᠤ ᠵᠡᠷᠭᠡ ᠭᠤᠤᠯᠳᠠᠯᠭ᠎ᠠ ᠲᠠᠢ ᠠᠵᠢᠯ ᠤᠨ ᠬᠦᠨᠵᠡᠬᠡᠢ ᠠᠭᠤᠰᠤᠯᠴᠠᠯ ᠢ ᠠᠬᠢᠭᠤᠯᠵᠦ᠂ ᠤᠳᠤ ᠦᠶ᠎ᠡ ᠶᠢᠨ ᠲᠠᠷᠢᠶᠠᠯᠠᠩ ᠤᠨ ᠦᠢᠯᠡᠰ ᠢ ᠬᠦᠴᠦᠷᠭᠡᠭᠵᠢᠬᠦᠯᠬᠦ᠂ ᠠᠵᠦ ᠦᠢᠯᠡᠰ ᠤᠨ ᠬᠡᠯᠬᠢᠶ᠎ᠡ ᠶᠢ ᠪᠠᠶᠠᠯᠢᠬᠵᠢᠭᠤᠯᠬᠤ᠂ ᠰᠤᠯᠠ ᠳᠠᠯᠪᠢᠬᠳᠠᠵᠤ ᠪᠠᠶᠢᠭ᠎ᠠ ᠡᠬᠢ ᠪᠠᠶᠠᠯᠢᠭ ᠢ ᠬᠦᠭᠵᠢᠬᠡᠬᠦ᠂ ᠬᠦᠳᠡᠭᠡ ᠲᠤᠰᠬᠤᠨ ᠤ ᠵᠢᠭᠤᠯᠴᠢᠯᠠᠯ ᠢ ᠠᠬᠢᠭᠤᠯᠬᠤ᠂ ᠬᠠᠮᠳᠤᠪᠡᠷ ᠪᠠᠶᠠᠵᠢᠬᠤ ᠶᠢ ᠠᠬᠢᠭᠤᠯᠬᠤ ᠵᠡᠷᠭᠡ ᠲᠠᠯ᠎ᠠ ᠪᠠᠷ᠂ 21 ᠵᠢᠱᠢᠶ᠎ᠠ ᠦᠵᠡᠬᠦᠯᠬᠦ ᠡᠬᠦᠳᠦᠨ ᠪᠠᠶᠢᠭᠤᠯᠬᠤ ᠢᠨᠵᠧᠨᠧᠷᠢᠩ ᠢ ᠬᠡᠷᠡᠭᠵᠢᠬᠦᠯᠵᠦ᠂ ᠶᠡᠷᠦᠩᠭᠡᠢ ᠪᠡᠯᠡ ᠤᠷᠤᠭᠤᠯᠤᠯᠳᠠ 9000 ᠲᠦᠮᠡᠨ ᠲᠦᠬᠦᠷᠢᠭ ᠲᠤᠯᠵᠠᠢ᠃ ᠲᠦᠷᠦᠯ ᠵᠦᠢᠯ ᠢ ᠬᠤᠭᠤᠴᠠᠭ᠎ᠠ ᠶᠤᠰᠤᠭᠠᠷ ᠡᠬᠢᠯᠡᠬᠦᠯᠵᠦ᠂ ᠤᠯᠠᠨ ᠡᠰᠢᠵᠢᠭᠰᠡᠨ᠂ ᠬᠦᠳᠡᠭᠡ ᠲᠤᠰᠬᠤᠨ ᠤ ᠬᠦᠭᠵᠢᠯᠳᠡ ᠪᠠ ᠪᠦᠳᠦᠬᠡᠨ ᠪᠠᠶᠢᠭᠤᠯᠤᠯᠳᠠ ᠶᠢᠨ ᠲᠤᠳᠤᠭᠠᠳᠤ ᠬᠦᠳᠡᠯᠭᠡᠭᠴᠢ ᠬᠦᠴᠦᠨ ᠢ ᠬᠦᠭᠵᠢᠬᠡᠵᠦ ᠂ ᠭᠠᠴᠠᠭ᠎ᠠ ᠲᠤᠰᠬᠤᠨ ᠤ ᠬᠠᠮᠳᠤ ᠶᠢᠨ ᠠᠵᠦ ᠠᠬᠤᠢ ᠶᠢᠨ ᠬᠦᠭᠵᠢᠯᠳᠡ ᠳᠤ ᠰᠢᠨ᠎ᠠ ᠬᠦᠳᠡᠯᠭᠡᠭᠴᠢ ᠬᠦᠴᠦᠨ ᠤᠯᠭᠤᠵᠦ᠂ ᠲᠠᠷᠢᠶᠠᠯᠠᠩ ᠰᠤᠶᠤᠯ ᠵᠢᠭᠤᠯᠴᠢᠯᠠᠯ ᠠᠭᠤᠰᠤᠯᠴᠠᠠ ᠬᠦᠭᠵᠢᠭᠰᠡᠨ ᠤᠯᠠᠭᠠᠨᠬᠠᠳᠠ ᠪᠠᠯᠭᠠᠰᠦ ᠶᠢᠨ ᠠᠯᠳᠠᠷᠰᠢᠯ ᠢ ᠲᠠᠭᠤᠷᠢᠰᠤᠭᠤᠯᠤᠨ᠎ᠠ︾ ᠬᠡᠪᠡ᠃      ᠤᠯᠠᠭᠠᠨᠬᠤᠳᠠ ᠰᠠᠭᠤᠷᠢᠰᠢᠬᠤ ᠳᠤ ᠲᠠᠭᠠᠯᠠᠮᠵᠢᠳᠠᠢ ᠦᠢᠯᠡᠰ ᠪᠤᠰᠬᠠᠬᠤ ᠳᠤ ᠲᠤᠬᠢᠷᠠᠮᠵᠢᠳᠠᠢ ᠵᠢᠭᠤᠯᠴᠢᠯᠠᠬᠤ ᠳᠤ ᠲᠠᠭᠠᠳᠠᠢ ᠭᠤᠶᠤ ᠰᠠᠶᠢᠬᠠᠨ ᠬᠦᠳᠡᠭᠡ ᠲᠤᠰᠬᠤᠨ ᠢ ᠪᠠᠶᠢᠭᠤᠯᠬᠤ ᠪᠠᠷ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠴᠢᠬᠤᠯᠠ ᠡᠬᠦᠷᠭᠡ ᠪᠤᠯᠭᠠᠨ ᠠᠳᠬᠤᠵᠦ᠂ ᠠᠵᠦ ᠦᠢᠯᠡᠰ ᠢᠶᠠᠷ ᠠᠷᠠᠳ ᠢ ᠪᠠᠶᠠᠵᠢᠭᠤᠯᠤᠨ ᠲᠤᠰᠬᠤᠨ ᠢᠶᠠᠨ ᠬᠦᠴᠦᠷᠭᠡᠭᠵᠢᠬᠦᠯᠬᠦ ᠪᠠᠷ ᠭᠤᠤᠯ ᠰᠢᠵᠢᠮ ᠪᠤᠯᠭᠠᠵᠦ᠂ ᠬᠦᠳᠡᠭᠡ ᠲᠤᠰᠬᠤᠨ ᠤ ᠰᠠᠭᠤᠷᠢ ᠲᠤᠨᠤᠭ ᠲᠦᠬᠦᠭᠡᠷᠦᠮᠵᠢ ᠪᠠ ᠰᠠᠭᠤᠷᠢᠰᠢᠬᠤ ᠳᠤ ᠲᠠᠭᠠᠯᠠᠮᠵᠢᠳᠠᠢ ᠤᠷᠴᠢᠨ ᠲᠤᠭᠤᠷᠢᠨ ᠢ ᠰᠠᠶᠢᠵᠢᠷᠠᠭᠤᠯᠬᠤ ᠪᠠᠷ ᠰᠠᠭᠤᠷᠢ ᠪᠤᠯᠭᠠᠵᠦ᠂ ᠢᠯᠡᠯᠳᠡ ᠭᠠᠴᠠᠭ᠎ᠠ᠂ ᠭᠤᠤ ᠶᠢᠨ ᠠᠶᠢᠯ ᠭᠠᠴᠠᠭ᠎ᠠ᠂ ᠬᠦᠭᠵᠢᠯ ᠭᠠᠴᠠᠭ᠎ᠠ᠂ ᠰᠢᠶᠠᠩ ᠶᠠᠩ ᠭᠠᠴᠠᠭ᠎ᠠ᠂ ᠰᠠᠨ ᠡᠾᠧ ᠲᠤᠰᠬᠤᠨ ᠵᠡᠷᠭᠡ 5 ᠭᠠᠴᠠᠭ᠎ᠠ ᠲᠤᠰᠬᠤᠨ ᠳᠤ 15675.64 ᠲᠦᠮᠡᠨ ᠲᠦᠬᠦᠷᠢᠭ ᠤᠨ ᠪᠡᠯᠡ ᠤᠷᠤᠭᠤᠯᠤᠨ᠂ ᠨᠡᠶᠢᠳᠡ 41 ᠲᠦᠷᠦᠯ ᠵᠦᠢᠯ ᠢ ᠬᠡᠷᠡᠭᠵᠢᠬᠦᠯᠬᠦ ᠪᠠᠷ ᠲᠦᠯᠦᠪᠯᠡᠵᠦ᠂ ᠪᠦᠬᠦ ᠬᠤᠳᠠ ᠶᠢᠨ ᠬᠦᠳᠡᠭᠡ ᠲᠤᠰᠬᠤᠨ ᠤ ᠦᠢᠯᠡᠳᠪᠦᠷᠢᠯᠡᠯ᠂ ᠠᠮᠢᠳᠦᠷᠠᠯ᠂ ᠠᠮᠢ ᠠᠬᠤᠢ ᠶᠢᠨ ᠬᠦᠭᠵᠢᠯᠳᠡ ᠶᠢ ᠠᠳᠠᠯᠢ ᠠᠯᠬᠤᠮ ᠢᠶᠠᠷ ᠠᠬᠢᠭᠤᠯᠵᠦ᠂ ᠦᠵᠡᠮᠵᠢᠳᠤ ᠬᠦᠳᠡᠭᠡ ᠲᠤᠰᠬᠤᠨ᠂ ᠠᠵᠦ ᠦᠢᠯᠡᠰ ᠦᠷᠨᠢᠩᠬᠦᠢ᠂ ᠤᠯᠠᠨ ᠲᠦᠮᠡᠨ ᠪᠠᠶᠠᠨ ᠴᠢᠨᠡᠬᠡᠯᠢᠭ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠰᠢᠨ᠎ᠠ ᠬᠠᠭᠤᠳᠠᠰᠦ ᠶᠢ ᠪᠦᠬᠦ ᠲᠠᠯ᠎ᠠ ᠪᠠᠷ ᠪᠢᠴᠢᠭᠯᠡᠵᠦ ᠪᠤᠢ᠃                       ︵ᠬᠠᠨ᠎ᠠ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号