ᠤᠮᠠᠷᠠᠳᠤ ᠬᠢᠯᠢ ᠶᠢᠨ ᠰᠤᠶᠤᠯ —ᠤᠯᠠᠭᠠᠨᠬᠤᠲᠠ ᠶᠢᠨ ᠵᠤᠨ ᠤ ᠤᠯᠠᠷᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2024/7/22
  ᠤᠯᠠᠭᠠᠨᠬᠤᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠢᠯᠡ ᠲᠣᠳᠣ ᠣᠨᠴᠠᠯᠢᠭ ᠲᠠᠢ ᠰᠣᠶᠣᠯ ᠵᠤᠭᠠᠴᠠᠯ ᠤᠨ ᠲᠦᠷᠦᠯ ᠲᠡᠮᠳᠡᠭ ᠢ ᠡᠭᠦᠳᠬᠦ ᠶᠢᠨ ᠲᠥᠯᠥᠭᠡ᠂ 7 ᠰᠠᠷ᠎ᠠ ᠶᠢᠨ 19 ᠤ ᠡᠳᠦᠷ᠂ ᠤᠯᠠᠭᠠᠨᠬᠤᠲᠠ ᠶᠢᠨ ᠵᠤᠨ ᠤ ᠤᠯᠠᠷᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠰᠠᠷ᠎ᠠ ᠱᠧᠨ ᠵᠢᠶᠦ᠋ᠨ ᠸᠠᠨ ᠠᠮᠢ ᠠᠬᠤᠢ ᠶᠢ ᠪᠡᠶᠠᠴᠢᠯᠡᠨ ᠣᠶᠢᠯᠠᠭᠠᠬᠤ ᠲᠣᠭᠤᠷᠢᠭ ᠲᠤ ᠦᠪᠡᠳᠡᠭᠰᠢ ᠶᠡᠭᠡ ᠪᠠᠷ ᠡᠬᠢᠯᠡᠵᠦ᠂ ᠥᠷᠭᠡᠨ ᠤᠯᠠᠨ ᠬᠤᠳᠠ ᠶᠢᠨ ᠠᠷᠠᠳ ᠪᠣᠯᠤᠨ ᠵᠤᠭᠠᠴᠠᠭᠰᠠᠳ ᠲᠤ ᠳᠠᠭᠤᠤ ᠬᠥᠭᠵᠢᠮ᠂ ᠰᠣᠶᠣᠯ᠂ ᠵᠤᠭ᠎ᠠ ᠴᠡᠩᠭᠡᠯ ᠢ ᠨᠢᠭᠡ ᠴᠤᠬᠴᠠᠵᠢᠭᠤᠯᠤᠬᠰᠠᠨ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃ ᠤᠯᠠᠭᠠᠨᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠦ ᠭᠠᠩ ᠵᠢᠴᠢ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠨᠠᠷ ᠠᠵᠢᠯᠯᠠᠭ᠎ᠠ ᠳᠤ ᠣᠷᠣᠯᠴᠠᠵᠠᠶ᠃
      ᠠᠵᠢᠯᠯᠠᠭ᠎ᠠ ᠳᠤᠮᠳᠠ᠂ ᠮᠠ ᠱᠦ ᠭᠠᠩ ᠵᠤᠨ ᠤ ᠤᠯᠠᠷᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠰᠠᠷ᠎ᠠ ᠵᠢᠩᠬᠢᠨᠢ ᠪᠠᠷ ᠡᠬᠢᠯᠡᠭᠰᠡᠨ ᠢ ᠵᠠᠷᠯᠠᠵᠤ᠂ ᠤᠯᠠᠭᠠᠨᠬᠤᠲᠠ ᠶᠢᠨ ᠰᠣᠶᠣᠯ ᠵᠢᠭᠤᠯᠴᠢᠯᠠᠯ  ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠤᠯᠠᠭᠠᠨᠬᠤᠲᠠ ᠶᠢᠨ ᠵᠤᠨ ᠤ ᠤᠯᠠᠷᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠰᠠᠷ᠎ᠠ ᠶᠢᠨ ᠰᠢᠷᠢᠰ ᠠᠵᠢᠯᠯᠠᠭ᠎ᠠ ᠶᠢ ᠨᠡᠶᠢᠲᠡᠯᠡᠪᠡ᠃    
      ᠲᠣᠰ ᠤᠳᠠᠭᠠᠨ ᠤ ᠵᠣᠨ ᠤ ᠤᠯᠠᠷᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠰᠠᠷ᠎ᠠ ᠳᠤ ᠨᠡᠶᠢᠲᠡ 5 ᠶᠡᠭᠡ ᠲᠥᠷᠥᠯ᠂ 25 ᠵᠦᠢᠯ ᠤᠨ ᠠᠵᠢᠯᠯᠠᠭ᠎ᠠ ᠥᠷᠨᠢᠭᠦᠯᠵᠦ᠂ ᠣᠯᠠᠨ ᠡᠰᠢᠴᠢᠯᠡᠭᠰᠡᠨ ᠪᠡᠶᠡᠴᠢᠯᠡᠨ ᠣᠶᠢᠯᠠᠭᠠᠬᠤ ᠠᠷᠭ᠎ᠠ ᠪᠠᠷ  ᠤᠯᠠᠭᠠᠨᠬᠤᠲᠠ ᠶᠢᠨ ᠭᠦᠨ ᠵᠤᠵᠠᠭᠠᠨ ᠰᠣᠶᠣᠯ ᠤᠷᠠᠯᠢᠭ ᠤᠨ ᠠᠭᠤᠯᠬᠤᠨ ᠢ ᠲᠡᠯᠭᠡᠨ ᠦᠵᠡᠬᠦᠯᠵᠤ᠂ ᠵᠤᠭᠠᠴᠠᠭᠰᠠᠳ ᠲᠤ ᠲᠡᠤᠬᠡ ᠪᠠ ᠪᠠᠶᠢᠭᠠᠯᠢ ᠶᠢᠨ ᠭᠤᠸ᠎ᠠ ᠰᠠᠶᠢᠬᠠᠨ ᠢ ᠭᠦᠨᠵᠡᠭᠡᠶ ᠣᠶᠢᠯᠠᠭᠠᠭᠤᠯᠵᠤ᠂ ᠥᠪᠡᠷᠮᠢᠴᠡ ᠬᠡᠪ ᠨᠠᠮᠪᠠ ᠵᠠᠩ ᠦᠢᠯᠡ ᠶᠢᠨ ᠰᠣᠶᠣᠯ ᠢ ᠮᠡᠳᠡᠷᠡᠭᠦᠯᠵᠦ᠂ ᠤᠯᠠᠭᠠᠨᠬᠤᠲᠠ ᠶᠢᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠴᠢᠨᠠᠭᠰᠢᠳᠠ ᠠᠬᠢᠭᠤᠯᠬᠤ ᠪᠠᠷ ᠵᠤᠷᠢᠯᠭ᠎ᠠ ᠪᠤᠯᠭᠠᠭᠰᠠᠨ ᠶᠤᠮ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号