ᠤᠮᠠᠷᠠᠳᠣ ᠬᠢᠯᠢ ᠶᠢᠨ ᠰᠤᠶᠤᠯ — ᠤᠯᠠᠭᠠᠨᠮᠤᠲᠦ ᠲᠠᠯ᠎ᠠ ᠨᠤᠲᠤᠭ ᠤᠨ ᠬᠤᠪᠴᠠᠰᠤ ᠵᠠᠰᠠᠯ ᠤᠨ ᠦᠵᠡᠭᠦᠯᠭᠡ ᠵᠢᠴᠢ ᠬᠢᠩᠭᠠᠨ ᠠᠶᠢᠮᠠᠭ ᠤᠨ ᠭᠤᠷᠪᠠᠳᠤᠭᠠᠷ ᠬᠤᠭᠤᠴᠠᠭᠠᠨ ᠤ ᠬᠤᠪᠴᠠᠰᠤ ᠵᠠᠰᠠᠯ ᠤᠨ ᠤᠷᠤᠯᠳᠤᠭᠠᠨ ᠦᠵᠡᠭᠴᠢᠳ ᠤᠨ ᠲᠠᠭᠠᠰᠢᠶᠠᠯ ᠢ ᠤᠯᠤᠯ᠎ᠠ
ᠨᠡᠶᠢᠲᠡᠯᠡᠭᠰᠡᠨ ᠴᠠᠭ᠄
2024/7/22
   ᠤᠶᠢᠷ᠎ᠠ ᠳᠤ᠂ ︽ᠳᠤᠮᠳᠠᠳᠤ ᠶᠢᠨ ᠭᠡᠷᠡᠯ ᠰᠠᠴᠤᠷᠠᠩᠭᠤᠢ ᠰᠣᠶᠣᠯ ᠢ ᠪᠠᠳᠠᠷᠠᠭᠤᠯᠵᠤ᠂ ᠤᠮᠠᠷᠠᠲᠦ ᠬᠢᠯᠢ ᠳᠠᠬᠢ ᠬᠢᠩᠭᠠᠨ ᠨᠤᠲᠤᠭ ᠲᠤ ᠪᠤᠯᠵᠤᠶ᠎ᠠ︾ ᠭᠡᠬᠦ ᠭᠤᠣᠯ ᠰᠡᠳᠦᠪᠳᠦ ᠤᠯᠠᠭᠠᠨᠮᠤᠲᠦ ᠲᠠᠯ᠎ᠠ ᠨᠤᠲᠤᠭ ᠤᠨ ᠬᠤᠪᠴᠠᠰᠤ ᠵᠠᠰᠠᠯ ᠤᠨ ᠦᠵᠡᠭᠦᠯᠭᠡ ᠵᠢᠴᠢ ᠬᠢᠩᠭᠠᠨ ᠠᠶᠢᠮᠠᠭ ᠤᠨ ᠭᠤᠷᠪᠠᠳᠤᠭᠠᠷ ᠬᠤᠭᠤᠴᠠᠭᠠᠨ ᠤ ᠬᠤᠪᠴᠠᠰᠤ ᠵᠠᠰᠠᠯ ᠤᠨ ᠤᠷᠤᠯᠳᠤᠭᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠣᠳᠣ ᠰᠤᠮᠤᠨ ᠳᠤ ᠶᠠᠪᠤᠬᠳᠠᠪᠠ᠃    ᠪᠡᠭᠡᠵᠢᠩ᠂ ᠲᠢᠶᠠᠨᠵᠢᠨ᠂ ᠰᠢ ᠠᠨ᠂ ᠨᠠᠨᠵᠢᠩ᠂ ᠬᠥᠬᠡᠬᠤᠲᠠ᠂ ᠬᠢᠩᠭᠠᠨ ᠠᠶᠢᠮᠠᠭ ᠵᠡᠷᠭᠡ ᠭᠠᠵᠠᠷ ᠤᠨ 300 ᠭᠠᠷᠤᠶ ᠮᠣᠳᠧᠯ ᠲᠤᠰ ᠤᠳᠠᠭᠠᠨ ᠤ ᠠᠵᠢᠯᠯᠠᠭ᠎ᠠ ᠳᠤ ᠤᠷᠤᠯᠴᠠᠵᠦ᠂ ᠦᠨᠳᠦᠰᠦᠲᠡᠨ ᠤ ᠤᠨᠴᠠᠯᠢᠭ ᠲᠠᠢ ᠬᠤᠪᠴᠠᠰᠤ ᠵᠠᠰᠠᠯ   ᠤᠨ ᠲᠤᠬᠠᠶ ᠶᠢᠨ ᠲᠠᠯᠠᠪᠠᠢ ᠳᠤ ᠳᠡᠯᠭᠡᠨ ᠦᠵᠡᠭᠦᠯᠵᠦ᠂ ᠦᠵᠡᠭᠴᠢᠳ ᠤᠨ ᠪᠠᠭ᠋ᠠᠷᠬᠠᠯ   ᠢ ᠲᠠᠳᠠᠭᠰᠠᠨ ᠪᠠᠶᠢᠨ᠎ᠠ᠃
   ᠤᠷᠤᠯᠳᠤᠭᠠᠨ ᠢ ᠬᠠᠮᠳᠤ ᠨᠡᠢᠲᠠ ᠪᠠ ᠬᠤᠪᠢ ᠬᠦᠮᠦᠨ ᠭᠡᠵᠦ ᠬᠤᠪᠢᠶᠠᠨ ᠶᠠᠪᠤᠬᠳᠠᠭᠤᠯᠵᠦ᠂ ᠡᠮᠤᠨ᠎ᠠ ᠭᠤᠷᠪᠠᠨ ᠨᠡᠷᠡᠰ   ᠲᠤ ᠱᠠᠩᠨᠠᠯ ᠤᠯᠭᠤᠨ᠂ ᠪᠠᠰᠠ ᠬᠠᠮᠤᠭ ᠤᠨ ᠭᠤᠶᠤ ᠬᠤᠪᠴᠠᠰᠤ ᠵᠠᠰᠠᠯ   ᠤᠨ ᠱᠠᠩᠨᠠᠯ᠂  ᠬᠠᠮᠤᠭ ᠤᠨ ᠭᠤᠶᠤ  ᠰᠢᠯᠢᠳᠡᠭ ᠴᠤᠭ ᠵᠢᠪᠬᠤᠭ᠎ᠠ ᠶᠢ ᠪᠠᠳᠠᠷᠠᠭᠤᠯᠤᠬᠰᠠᠨ ᠱᠠᠩᠨᠠᠯ᠂  ᠬᠠᠮᠤᠭ ᠤᠨ ᠭᠤᠶᠤ ᠭᠤᠶᠤ ᠦᠵᠡᠭᠦᠯᠭᠡ ᠶᠢᠨ ᠱᠠᠩᠨᠠᠯ ᠵᠡᠷᠭᠡ ᠱᠠᠩᠨᠠᠯ ᠬᠦᠬᠢᠭᠦᠯᠦᠯ ᠲᠤᠬᠢᠷᠠᠭᠤᠯᠵᠦ ᠤᠷᠤᠯᠳᠤᠭᠠᠨ ᠳᠤ ᠤᠷᠤᠯᠴᠠᠬᠰᠠᠳ ᠢ ᠵᠤᠷᠢᠬᠵᠢᠭᠤᠯᠵᠠᠢ᠃    ︽ ᠮᠠᠨ ᠤ ᠮᠠᠨᠵᠤ ᠦᠨᠳᠦᠰᠦᠳᠡᠨ ᠤ ᠲᠡᠷᠯᠢᠭ ᠤᠶᠤᠬᠤ ᠨᠡᠶᠢᠭᠡᠮᠯᠢᠭ ᠤᠨ ᠡᠭᠡᠴᠢ ᠳᠡᠭᠦᠦ ᠨᠠᠷ ᠡᠨᠡ ᠤᠳᠠᠭᠠᠨ᠋ ᠤ ᠤᠷᠤᠯᠳᠤᠭᠠᠨ ᠳᠤ ᠬᠠᠮᠤᠭ ᠤᠨ ᠭᠤᠶᠤ ᠭᠤᠶᠤ ᠦᠵᠡᠭᠦᠯᠭᠡ ᠶᠢᠨ ᠱᠠᠩᠨᠠᠯ ᠲᠤᠰᠴᠠᠢ᠂ ᠡᠭᠦᠨ ᠠᠴᠠ ᠬᠤᠶᠢᠰᠢᠳᠠ ᠪᠢᠳᠡ ᠨᠡᠩ ᠢᠯᠡᠭᠦᠦ ᠴᠢᠷᠮᠠᠢᠨ ᠰᠢᠨ᠎ᠠ ᠴᠠᠬ ᠦᠶ᠎ᠠ ᠶᠢᠨ ᠡᠮᠡᠭᠲᠠᠢᠴᠤᠳ ᠤᠨ ᠴᠤᠬ ᠵᠢᠪᠬᠤᠭ᠎ᠠ ᠶᠢ ᠪᠠᠳᠠᠷᠠᠭᠤᠯᠤᠨ᠎ᠠ︾ ᠭᠡᠵᠦ ᠡᠮᠦᠨᠡᠲᠦ  ᠬᠤᠰᠢᠭᠤᠨ ᠤ  ᠵᠠᠰᠠᠭᠳᠤ ᠮᠠᠨᠵᠤ ᠲᠡᠷᠯᠢᠭ ᠤᠶᠤᠬᠤ ᠨᠡᠶᠢᠭᠡᠮᠯᠢᠭ ᠤᠨ ᠳᠠᠷᠤᠭ᠎ᠠ ᠴᠢᠨ ᠶᠠᠨ ᠬᠡᠯᠡᠵᠦ ᠪᠠᠢᠯ᠎ᠠ᠃
   ᠲᠤᠰ ᠤᠳᠠᠭᠠᠨ ᠤ ᠠᠵᠢᠯᠯᠠᠭ᠎ᠠ ︽ᠰᠢᠨ᠎ᠠ ᠶᠢ ᠡᠭᠦᠳᠬᠦ᠂ ᠴᠠᠬ ᠦᠶ᠎ᠠ ᠶᠢ ᠳᠠᠭᠠᠬᠤ᠂ ᠤᠯᠠᠨ ᠡᠰᠢᠴᠢᠯᠡᠬᠦ︾ ᠭᠡᠬᠦ  ᠤᠶᠢᠯᠠᠭᠠᠭᠳᠠᠬᠤᠨ ᠢ ᠪᠠᠷᠢᠮᠲᠠᠯᠠᠵᠤ᠂ ᠰᠣᠶᠣᠯ ᠤᠨ ᠰᠣᠯᠢᠯᠴᠠᠭ᠎ᠠ ᠶᠢ ᠠᠬᠢᠭᠤᠯᠵᠦ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠬᠤᠪᠴᠠᠰᠤ ᠵᠠᠰᠠᠯ ᠤᠨ ᠨᠡᠢᠭᠡᠮ ᠲᠠᠶᠠᠭᠠᠷ ᠲᠡᠯᠭᠡᠷᠡᠭᠦᠯᠦᠨ᠂ ᠪᠥᠬᠦ  ᠬᠤᠰᠢᠭᠤᠨ ᠤ ᠰᠣᠶᠣᠯ ᠵᠢᠭᠤᠯᠴᠢᠯᠠᠯ   ᠤᠨ ᠦᠢᠯᠡᠰ   ᠤᠨ ᠭᠦᠨᠵᠡᠭᠡᠶ ᠠᠭᠤᠰᠤᠯᠴᠠᠭᠤᠯᠵᠦ᠂ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ   ᠢ ᠠᠯᠳᠠᠷᠰᠢᠭᠤᠯᠤᠨ᠂ ᠰᠣᠶᠣᠯ ᠵᠢᠭᠤᠯᠴᠢᠯᠠᠯ   ᠳᠤ   ᠰᠢᠨ᠎ᠡ ᠠᠮᠢᠵᠢᠷᠠᠯ   ᠤᠨ  ᠬᠦᠴᠦᠨ ᠤᠯᠭᠤᠵᠠᠢ᠃
                               ᠸᠠᠩ ᠶᠦᠡᠭ ᠱᠸᠡᠭ     ᠰᠢᠦ ᠰᠢᠦ  ᠰᠡᠭᠦᠳᠡᠷᠯᠡᠨ ᠮᠡᠳᠡᠭᠡᠯᠡᠪᠠ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号