ᠤᠮᠠᠷᠠᠳᠣ ᠬᠢᠯᠢ ᠶᠢᠨ ᠰᠤᠶᠤᠯ — ᠤᠯᠠᠨ ᠤ ᠲᠠᠭᠠᠰᠢᠶᠠᠯ ᠳᠤ ᠬᠦᠷᠥᠭᠰᠡᠨ ᠦᠨᠳᠤᠰᠤᠳᠡᠨ ᠤ ᠬᠤᠪᠴᠠᠰᠤ ᠵᠠᠰᠠᠯ
ᠨᠡᠶᠢᠲᠡᠯᠡᠭᠰᠡᠨ ᠴᠠᠭ᠄
2024/7/22
    2024 ᠤᠨ ᠤ ᠬᠢᠩᠭᠠᠨ ᠠᠶᠢᠮᠠᠭ ᠤᠨ ᠨᠠᠭᠠᠳᠤᠮ ᠤᠨ ᠤᠯᠠᠷᠢᠯ 7 ᠰᠠᠷ᠎ᠠ ᠶᠢᠨ 17 ᠤ ᠡᠳᠤᠷ ᠲᠤ ᠨᠢᠵᠢᠬᠢᠷ ᠰᠠᠶᠢᠬᠠᠨ ᠡᠬᠢᠯᠡᠵᠤ᠂ 8 ᠰᠠᠷ᠎ᠠ ᠶᠢᠨ 18 ᠤ ᠡᠳᠤᠷ ᠪᠤᠯᠳᠠᠯ᠎ᠠ 33 ᠡᠳᠤᠷ ᠤᠨ ᠬᠤᠭᠤᠴᠠᠭ᠎ᠠ ᠲᠠᠢ ᠶᠠᠪᠤᠭᠳᠠᠭᠤᠯᠬᠤ ᠪᠤᠯᠤᠨ᠎ᠠ᠃ ᠡᠨᠡᠬᠦ ᠬᠤᠭᠤᠴᠠᠭᠠᠨ ᠳᠤ᠂ ᠰᠤᠶᠤᠯ ᠤᠷᠠᠯᠢᠭ᠂ ᠪᠡᠶ᠎ᠠ ᠲᠠᠮᠢᠷ ᠤᠨ ᠤᠷᠤᠯᠳᠤᠭᠠᠨ᠂ ᠵᠢᠭᠤᠯᠴᠢᠯᠠᠯ ᠤᠨ ᠪᠡᠶᠡᠳᠠᠨ ᠤᠶᠢᠯᠠᠭᠠᠯᠳᠠ ᠵᠡᠷᠭᠡ 4 ᠶᠡᠭᠡ ᠲᠦᠷᠤᠯ 100 ᠭᠠᠷᠤᠢ ᠠᠵᠢᠯᠯᠠᠭ᠎ᠠ ᠦᠷᠨᠢᠬᠦᠯᠬᠦ ᠶᠢᠨ ᠬᠠᠮᠳᠤ ᠠᠵᠢᠯᠯᠠᠭᠠᠨ ᠤ ᠭᠤᠤᠯ ᠲᠠᠯᠠᠪᠠᠢ ᠪᠤᠯᠬᠤ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠤᠯᠠᠭᠠᠨᠮᠤᠳᠤ ᠰᠤᠮᠤ ᠶᠢᠨ ᠤᠯᠠᠮᠵᠢᠯᠠᠯᠳᠤ ᠪᠠᠶ᠎ᠠ ᠲᠠᠮᠢᠷ ᠤᠨ ᠶᠡᠷᠤᠩᠬᠡᠶᠢᠯᠡᠭᠰᠡᠨ ᠪᠤᠯᠪᠠᠰᠤᠷᠠᠯ ᠤᠨ ᠰᠠᠭᠤᠷᠢᠨ ᠭᠠᠵᠠᠷ ᠤᠨ ᠤᠶᠢᠷ᠎ᠠ ᠬᠠᠪᠢ ᠪᠠᠷ ᠬᠤᠳᠠᠯᠳᠤᠭᠠᠨ ᠤ ᠵᠡᠭᠡᠯᠢ ᠲᠤᠬᠢᠷᠠᠭᠤᠯᠤᠯ᠎ᠠ᠃    ᠡᠮᠤᠨᠡᠳᠤ ᠬᠤᠰᠢᠭᠤᠨ ᠤ ᠰᠧᠨ ᠹᠠ ᠨᠡᠶᠢᠭᠡᠮ ᠲᠤᠭᠤᠷᠢᠭ ᠲᠤ ᠮᠤᠩᠭᠤᠯ ᠦᠨᠳᠤᠰᠤᠳᠡᠨ ᠤ ᠬᠤᠪᠴᠠᠰᠤ ᠵᠠᠰᠠᠯ ᠬᠢᠵᠤ ᠪᠠᠶᠢᠭ᠎ᠠ ᠤᠷᠠᠨ ᠤᠯᠠᠭᠠᠨᠮᠤᠳᠤ ᠰᠤᠮᠤ ᠶᠢᠨ ᠤᠯᠠᠮᠵᠢᠯᠠᠯᠳᠤ ᠪᠡᠶ᠎ᠠ ᠲᠠᠮᠢᠷ ᠤᠨ ᠶᠡᠷᠤᠩᠬᠡᠶᠢᠯᠡᠭᠰᠡᠨ ᠪᠤᠯᠪᠠᠰᠤᠷᠠᠯ ᠤᠨ ᠰᠠᠭᠤᠷᠢᠨ ᠭᠠᠵᠠᠷ ᠤᠨ ᠤᠶᠢᠷᠠᠭᠠᠯᠴᠠᠬᠢ ᠬᠤᠳᠠᠯᠳᠤᠭᠠᠨ ᠤ ᠲᠤᠭᠤᠷᠢᠭ ᠲᠤ ᠦᠨᠳᠤᠰᠤᠳᠡᠨ ᠤ ᠬᠤᠪᠴᠠᠰᠤ ᠪᠠ ᠵᠠᠰᠠᠯ ᠵᠢᠮᠰᠡᠭ ᠤᠨ ᠡᠳ᠋ ᠬᠤᠳᠠᠯᠳᠤᠵᠤ ᠪᠠᠶᠢᠯ᠎ᠠ᠃ ᠰᠤᠷᠪᠤᠯᠵᠢᠯᠠᠬᠴᠢ ᠲᠡᠬᠦᠨ ᠢ ᠠᠪᠴᠢᠷᠠᠭᠰᠠᠨ ᠬᠤᠪᠴᠠᠰᠤ ᠪᠠᠨ ᠲᠦᠷᠤᠯ ᠬᠤᠪᠢᠶᠠᠨ ᠲᠤᠬᠢᠳᠠᠢ ᠡᠯᠬᠦᠵᠤ᠂ ᠬᠤᠳᠠᠯᠳᠤᠭᠠᠨ ᠤ ᠪᠡᠯᠡᠳᠭᠡᠯ ᠬᠢᠵᠤ ᠪᠠᠶᠢᠬᠤ ᠳᠤ ᠰᠤᠷᠪᠤᠯᠵᠢᠯᠠᠭ᠎ᠠ ᠠᠪᠤᠯ᠎ᠠ᠃ ᠲᠡᠷᠡ ᠰᠤᠷᠪᠤᠯᠵᠢᠯᠠᠬᠴᠢ ᠳᠤ ︽ᠪᠢ ᠮᠤᠩᠭᠤᠯ ᠦᠨᠳᠤᠰᠤᠳᠡᠨ ᠤ ᠤᠨᠴᠠᠯᠢᠭ ᠲᠠᠢ ᠬᠤᠪᠴᠠᠰᠤᠨ ᠤ ᠲᠡᠯᠭᠡᠬᠦᠷ ᠢᠶᠠᠨ ᠡᠵᠡᠩᠨᠡᠭᠡᠳ 5 ᠵᠢᠯ ᠭᠠᠷᠤᠢ ᠪᠤᠯᠵᠤ ᠪᠤᠢ᠂ ᠦᠨᠤᠳᠤᠷ ᠠᠩᠬ᠎ᠠ ᠤᠳᠠᠭ᠎ᠠ ᠨᠠᠭᠠᠳᠤᠮ ᠤᠨ ᠬᠤᠷᠠᠯ ᠳᠤ ᠢᠷᠡᠵᠤ᠂ ᠦᠪᠠᠷ ᠢᠶᠠᠨ ᠤᠷᠠᠯᠠᠵᠤ ᠤᠶᠤᠭᠰᠠᠨ ᠬᠤᠪᠴᠠᠰᠤ ᠪᠠᠨ ᠬᠤᠳᠠᠯᠳᠤᠬᠤ ᠪᠠᠷ ᠤᠭᠤᠵᠢ᠂ ᠡᠩ ᠤᠨ ᠦᠶ᠎ᠠ ᠳᠡᠭᠡᠨ ᠡᠮᠤᠰᠳᠡᠭ ᠬᠤᠪᠴᠠᠰᠤ᠂ ᠡᠪᠤᠯ ᠡᠮᠤᠰᠳᠡᠭ ᠲᠠᠬᠤ᠂ ᠲᠤᠭᠯᠠᠯᠳᠠ ᠭᠠᠷᠭᠠᠬᠤ ᠦᠶ᠎ᠠ ᠳᠤ ᠡᠮᠤᠰᠳᠡᠭ ᠮᠤᠩᠭᠤᠯ ᠲᠡᠷᠯᠢᠭ ᠵᠡᠷᠭᠡ 100 ᠭᠠᠷᠤᠢ ᠵᠠᠬ᠎ᠠ ᠬᠤᠪᠴᠠᠰᠤ ᠠᠪᠴᠢᠷᠠᠵᠠᠢ᠃ ᠨᠠᠭᠠᠳᠤᠮ ᠤᠨ ᠬᠤᠷᠠᠯ ᠳᠤ ᠢᠷᠡᠭᠰᠡᠨ ᠨᠢ ᠡᠳᠤᠷ ᠪᠦᠷᠢ ᠶᠠᠪᠤᠭᠳᠠᠬᠤ ᠤᠷᠤᠯᠳᠤᠭᠠᠨ᠂ ᠤᠷᠠᠨ ᠰᠠᠶᠢᠬᠠᠨ ᠤ ᠲᠤᠭᠯᠠᠯᠳᠠ ᠶᠢ ᠰᠤᠨᠢᠷᠬᠠᠬᠤ ᠶᠢᠨ ᠬᠠᠮᠳᠤ ᠨᠡᠩ ᠴᠢᠬᠤᠯᠠ ᠨᠢ ᠭᠠᠳᠠᠨ᠎ᠠ ᠭᠠᠵᠠᠷ ᠠᠴᠠ ᠲᠤᠭᠤᠷᠢᠨ ᠵᠢᠭᠤᠯᠴᠢᠯᠠᠬᠤ ᠪᠠᠷ ᠢᠷᠡᠬᠦ ᠬᠦᠮᠤᠰ ᠲᠤ ᠮᠠᠨ ᠤ ᠦᠨᠳᠤᠰᠤᠳᠡᠨ ᠤ ᠤᠨᠴᠠᠯᠢᠭ ᠲᠠᠢ ᠬᠤᠪᠴᠠᠰᠤ ᠵᠠᠰᠠᠯ ᠢᠶᠠᠨ ᠭᠠᠶᠢᠬᠠᠭᠤᠯᠬᠤ ᠳᠤ ᠲᠤᠩ ᠪᠠᠶᠠᠷᠳᠠᠢ ᠪᠠᠶᠢᠨ᠎ᠠ︾ ᠭᠡᠵᠤ ᠶᠠᠷᠢᠨ᠎ᠠ᠃    ᠬᠤᠳᠠᠯᠳᠤᠭᠠᠨ ᠤ ᠵᠡᠭᠡᠯᠢ ᠳᠤ ᠨᠢᠭᠡ ᠰᠠᠷ᠎ᠠ ᠶᠢᠨ ᠬᠤᠭᠤᠴᠠᠭ᠎ᠠ ᠲᠠᠢ ᠪᠠᠷ ᠪᠤᠷᠤᠯᠠᠭᠤᠯᠤᠨ ᠬᠤᠳᠠᠯᠳᠤᠬᠤ ᠠᠮᠳᠠᠳᠤ ᠢᠳᠡᠭᠡᠨ᠂ ᠦᠨᠳᠤᠰᠤᠳᠡᠨ ᠤ ᠤᠨᠴᠠᠯᠢᠭ ᠲᠠᠢ ᠡᠳ᠋ ᠪᠠᠷᠠᠭ᠎ᠠ ᠨᠢ ᠤᠷᠤᠨ ᠨᠤᠳᠤᠭ ᠤᠨ ᠤᠨᠴᠠ ᠭᠠᠷᠤᠯᠳᠠ ᠪᠠᠨ ᠬᠤᠯᠠ ᠤᠶᠢᠷ᠎ᠠ ᠶᠢᠨ ᠵᠢᠭᠤᠯᠴᠢᠯᠠᠭᠰᠠᠳ ᠲᠤ ᠲᠠᠨᠢᠯᠴᠠᠭᠤᠯᠤᠨ ᠤᠬᠠᠭᠤᠯᠬᠤ ᠰᠠᠶᠢᠬᠠᠨ ᠵᠠᠪᠰᠢᠶᠠᠨ ᠪᠤᠯᠵᠤ ᠪᠢᠯᠡ᠃
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号