ᠤᠮᠠᠷᠠᠳᠣ ᠬᠢᠯᠢ ᠶᠢᠨ ᠰᠤᠶᠤᠯ — ᠡᠷᠡᠬᠡᠢ ᠮᠡᠷᠭᠡᠨ ᠰᠤᠷᠴᠢᠳ ᠤᠨ ᠢᠳᠠ ᠬᠦᠭ ᠲᠠᠢ ᠮᠦᠷᠦ᠋ᠢᠴᠠᠭᠡᠨ
ᠨᠡᠶᠢᠲᠡᠯᠡᠭᠰᠡᠨ ᠴᠠᠭ᠄
2024/7/22
   ᠰᠤᠷ ᠬᠠᠷᠪᠤᠯᠳᠠ ᠪᠤᠯ ᠨᠠᠭᠠᠳᠤᠮ ᠤᠨ ᠬᠤᠷᠠᠯ ᠳᠠᠬᠢ ᠡᠷ᠎ᠠ ᠶᠢᠨ ᠭᠤᠷᠪᠠᠨ ᠨᠠᠭᠠᠳᠤᠮ ᠤᠨ ᠲᠤᠳᠠᠭᠳᠠᠵᠤ ᠪᠤᠯᠤᠰᠢ ᠦᠭᠡᠢ ᠤᠷᠤᠯᠳᠤᠭᠠᠨ ᠤ ᠲᠦᠷᠤᠯ ᠵᠦᠢᠯ ᠪᠢᠯᠠ᠃ 7 ᠰᠠᠷ᠎ᠠ ᠶᠢᠨ 17 ᠤ ᠡᠳᠤᠷ᠂ 2024 ᠤᠨ ᠤ ᠬᠢᠩᠭᠠᠨ ᠠᠶᠢᠮᠠᠭ ᠤᠨ ᠨᠠᠭᠠᠳᠤᠮ ᠤᠨ ᠤᠯᠠᠷᠢᠯ ᠤᠨ ᠡᠬᠢᠯᠡᠯᠳᠠ ᠶᠢᠨ ᠶᠤᠰᠤᠯᠠᠯ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠤᠯᠠᠭᠠᠨᠮᠤᠳᠤ ᠶᠢᠨ ᠲᠠᠯ᠎ᠠ ᠨᠤᠳᠤᠭ ᠲᠤ ᠦᠪᠡᠳᠡᠭᠰᠢ ᠶᠡᠬᠡᠪᠠᠷ ᠶᠠᠪᠤᠭᠳᠠᠵᠤ᠂ ᠬᠤᠯᠠ ᠤᠶᠢᠷ᠎ᠠ ᠶᠢᠨ ᠵᠢᠭᠤᠯᠴᠢᠯᠠᠭᠰᠠᠳ ᠢ ᠲᠠᠳᠠᠨ᠎ᠠ᠃ ᠨᠠᠭᠠᠳᠤᠮ ᠤᠨ ᠬᠤᠷᠠᠯ ᠤᠨ ᠠᠩᠬᠠᠳᠤᠭᠠᠷ ᠡᠳᠤᠷ ᠲᠤ᠂ ᠪᠦᠬᠦ ᠤᠷᠤᠨ ᠤ ᠡᠯ᠎ᠠ ᠭᠠᠵᠠᠷ ᠠᠴᠠ ᠬᠦᠷᠤᠯᠴᠠᠨ ᠢᠷᠡᠭᠰᠡᠨ ᠰᠤᠷᠴᠢᠳ ᠰᠤᠷ ᠬᠠᠷᠪᠤᠯᠳᠠ ᠶᠢᠨ ᠤᠷᠤᠯᠳᠤᠭᠠᠨ ᠳᠤ ᠤᠷᠤᠯᠴᠠᠨ ᠢᠳᠠ ᠬᠦᠭ ᠲᠠᠢ ᠮᠦᠷᠦ᠋ᠢᠴᠠᠨ᠂ ᠦᠵᠡᠭᠴᠢᠳ ᠲᠤ ᠨᠢᠭᠡ ᠲᠠᠯᠠᠪᠠᠢ ᠭᠤᠴᠤ ᠰᠠᠶᠢᠬᠠᠨ ᠤᠷᠤᠯᠳᠤᠭᠠᠨ ᠢ ᠰᠤᠨᠢᠷᠬᠠᠭᠤᠯᠤᠯ᠎ᠠ᠃    ᠤᠷᠤᠯᠳᠤᠭᠠᠨ ᠤ ᠲᠠᠯᠠᠪᠠᠢ ᠳᠤ᠂ ᠰᠤᠷᠴᠢᠳ ᠠᠴᠠ ᠦᠨᠳᠤᠰᠤᠳᠡᠨ ᠤ ᠬᠤᠪᠴᠠᠰᠤ ᠵᠠᠰᠠᠯ ᠢᠶᠠᠷ ᠢᠶᠠᠨ ᠴᠢᠮᠡᠵᠤ᠂ ᠰᠤᠷ ᠬᠠᠷᠪᠤᠯᠳᠠ ᠶᠢᠨ ᠤᠷᠤᠯᠳᠤᠭᠠᠨ ᠳᠠᠭᠠᠨ ᠰᠢᠯᠢᠳᠡᠭ ᠬᠢᠷᠢ ᠪᠦᠳᠤᠮᠵᠢ ᠤᠯᠬᠤ ᠪᠠᠷ ᠴᠢᠷᠮᠠᠶᠢᠵᠠᠭᠠᠨ᠎ᠠ᠃ ᠲᠤᠰ ᠤᠳᠠᠭᠠᠨ ᠤ ᠤᠷᠤᠯᠳᠤᠭᠠᠨ ᠳᠤ ᠤᠯᠠᠭᠠᠨᠬᠠᠳᠠ ᠬᠤᠳᠠ᠂ ᠰᠢᠯᠢ ᠶᠢᠨ ᠭᠤᠤᠯ ᠠᠶᠢᠮᠠᠭ᠂ ᠬᠦᠯᠤᠨ ᠪᠤᠶᠢᠷ ᠠᠶᠢᠮᠠᠭ᠂ ᠬᠢᠩᠭᠠᠨ ᠠᠶᠢᠮᠠᠭ ᠵᠡᠷᠭᠡ ᠭᠠᠵᠠᠷ ᠤᠷᠤᠨ ᠤ ᠰᠤᠷᠴᠢᠳ ᠡᠷᠡᠭᠳᠡᠢ ᠡᠮᠡᠭᠳᠡᠢ ᠲᠤᠭᠤᠶᠢᠯᠠᠩ ᠬᠤᠪᠢᠶᠠᠨ ᠤᠷᠤᠯᠴᠠᠵᠤ᠂ ᠤᠷᠤᠯᠳᠤᠭᠠᠨ ᠨᠢ ᠬᠦᠮᠤᠨ ᠪᠦᠷᠢ 5 ᠡᠭᠡᠯᠵᠢ᠂ ᠡᠭᠡᠯᠵᠢ ᠪᠦᠷᠢ 3 ᠰᠤᠮᠤ ᠬᠠᠷᠪᠤᠬᠤ ᠤᠷᠤᠯᠳᠤᠭᠠᠨ ᠤ ᠲᠦᠷᠢᠮ ᠢᠶᠠᠷ ᠶᠠᠪᠤᠭᠳᠠᠭᠤᠯᠪᠠ᠃ ︽ᠤᠷᠤᠯᠳᠤᠭᠠᠨ ᠤ ᠪᠠᠶᠢᠳᠠᠯ ᠠᠴᠠ ᠦᠵᠡᠪᠡᠯ᠂ ᠰᠤᠷᠴᠢᠳ ᠤᠨ ᠬᠢᠷᠢ ᠲᠦᠪᠰᠢᠨ ᠵᠢᠯ ᠠᠴᠠ ᠵᠢᠯ ᠲᠡᠭᠡᠭᠰᠢᠯᠡᠵᠤ᠂ ᠪᠦᠷ ᠤᠯᠠᠨ ᠤᠷᠤᠯᠳᠤᠭᠠᠨ ᠳᠤ ᠤᠷᠤᠯᠴᠠᠵᠤ ᠶᠠᠪᠤᠳᠠᠭ ᠪᠤᠯᠬᠤᠷ ᠲᠤᠷᠰᠢᠯᠭ᠎ᠠ ᠨᠡᠮᠡᠭᠳᠡᠵᠤ᠂ ᠬᠠᠷᠢᠯᠴᠠᠨ ᠰᠤᠷᠤᠯᠴᠠᠬᠤ ᠵᠠᠪᠰᠢᠶᠠᠨ ᠪᠠᠰᠠ ᠤᠯᠠᠨ ᠪᠤᠯᠵᠠᠢ᠃ ᠮᠦᠨ ᠴᠤ ᠤᠷᠤᠯᠴᠠᠬᠤ ᠰᠤᠷᠴᠢᠳ ᠠᠷᠪᠢᠨ ᠪᠤᠯᠵᠤ᠂ ᠭᠠᠳᠠᠨ᠎ᠠ ᠭᠠᠵᠠᠷ ᠠᠴᠠ ᠢᠷᠡᠵᠤ ᠤᠷᠤᠯᠴᠠᠵᠤ ᠪᠠᠶᠢᠭ᠎ᠠ ᠰᠤᠷᠴᠢᠳ ᠤᠨ ᠲᠤᠭ᠎ᠠ ᠪᠠᠰᠠ ᠨᠡᠮᠡᠭᠳᠡᠯ᠎ᠠ︾ ᠭᠡᠵᠤ ᠤᠷᠤᠯᠳᠤᠭᠠᠨ ᠤ ᠲᠡᠳ᠋ ᠬᠢᠨᠠᠭᠴᠢ ᠪᠠᠶᠠᠨᠪᠤᠯᠠᠭ ᠰᠤᠷᠪᠤᠯᠵᠢᠯᠠᠭ᠎ᠠ ᠬᠦᠯᠢᠶᠡᠬᠦ ᠳᠡᠭᠡᠨ ᠶᠠᠷᠢᠨ᠎ᠠ᠃    ︽ᠪᠢ ᠲᠤᠰ ᠤᠳᠠᠭᠠᠨ ᠤ ᠤᠷᠤᠯᠳᠤᠭᠠᠨ ᠳᠤ ᠤᠷᠤᠯᠴᠠᠭᠠᠳ ᠰᠡᠳᠬᠢᠯ ᠲᠦᠢᠯ ᠤᠨ ᠪᠠᠶᠠᠰᠤᠩᠭᠤᠢ᠂ ᠡᠶᠢᠮᠤᠷᠬᠦᠥ ᠤᠷᠤᠯᠳᠤᠭᠠᠨ ᠳᠤ ᠤᠷᠤᠯᠴᠠᠬᠤ ᠨᠢ ᠨᠡᠩ ᠤᠯᠠᠨ ᠰᠤᠷᠴᠢᠳ ᠲᠠᠢ ᠲᠠᠨᠢᠯᠴᠠᠵᠤ᠂ ᠡᠯ᠎ᠠ ᠭᠠᠵᠠᠷ ᠠᠴᠠ ᠬᠦᠷᠤᠯᠴᠠᠨ ᠢᠷᠡᠭᠰᠡᠨ ᠰᠢᠯᠢᠳᠡᠭ ᠰᠤᠷᠴᠢᠳ ᠤᠨ ᠲᠤᠷᠰᠢᠯᠭ᠎ᠠ ᠶᠢ ᠰᠤᠷᠤᠯᠴᠠᠬᠤ ᠶᠢᠨ ᠬᠠᠮᠳᠤ ᠬᠤᠪᠢ ᠶᠢᠨ ᠰᠤᠷ ᠬᠠᠷᠪᠤᠬᠤ ᠮᠡᠷᠭᠡᠵᠢᠯ ᠢᠶᠠᠨ ᠪᠠᠰᠠ ᠲᠡᠭᠡᠭᠰᠢᠯᠡᠬᠦᠯᠵᠤ ᠴᠢᠳᠠᠨ᠎ᠠ︾ ᠭᠡᠵᠤ ᠬᠢᠩᠭᠠᠨ ᠠᠶᠢᠮᠠᠭ ᠤᠨ ᠡᠮᠤᠨᠡᠳᠤ ᠬᠤᠰᠢᠭᠤᠨ ᠳᠤ ᠨᠤᠳᠤᠭᠳᠠᠢ ᠲᠤᠩᠭᠠᠯᠠᠭ ᠶᠠᠷᠢᠨ᠎ᠠ᠃    ᠬᠤᠷᠴᠠ ᠰᠢᠷᠤᠬᠦᠨ ᠤᠷᠤᠯᠳᠤᠭᠠᠨ ᠤ ᠳ᠋ᠦᠩ ᠳᠤ᠂ ᠡᠮᠡᠭᠳᠡᠢ ᠶᠢᠨ ᠲᠤᠭᠤᠶᠢᠯᠠᠩ ᠳᠤ ᠰᠢᠯᠢ ᠶᠢᠨ ᠭᠤᠤᠯ ᠠᠶᠢᠮᠠᠭ ᠤᠨ ᠤᠶᠤᠨ᠂ ᠤᠯᠠᠭᠠᠨᠬᠠᠳᠠ ᠬᠤᠳᠠ ᠶᠢᠨ ᠠᠯᠳᠠᠨᠴᠡᠴᠡᠭ᠂ ᠰᠢᠯᠢ ᠶᠢᠨ ᠭᠤᠤᠯ ᠠᠶᠢᠮᠠᠭ ᠤᠨ ᠮᠤᠤᠬᠥ᠋ᠯᠤᠭᠡ ᠡᠮᠤᠨ᠎ᠠ ᠭᠤᠷᠪᠠᠨ ᠨᠡᠷᠡᠰ ᠲᠤ ᠲᠤᠳᠤᠷᠠᠵᠤ᠂ ᠡᠷᠡᠭᠳᠡᠢ ᠶᠢᠨ ᠲᠤᠭᠤᠶᠢᠯᠠᠩ ᠳᠤ ᠰᠢᠯᠢ ᠶᠢᠨ ᠭᠤᠤᠯ ᠠᠶᠢᠮᠠᠭ ᠤᠨ ᠰᠤᠳᠥᠪᠢᠯᠢᠭ᠂ ᠰᠢᠯᠢ ᠶᠢᠨ ᠭᠤᠤᠯ ᠠᠶᠢᠮᠠᠭ ᠤᠨ ᠬᠠᠰᠪᠠᠭᠠᠨ᠎ᠠ᠂ ᠬᠦᠯᠤᠨ ᠪᠤᠶᠢᠷ ᠤᠨ ᠮᠦᠷᠡᠨ ᠡᠮᠤᠨ᠎ᠠ ᠭᠤᠷᠪᠠᠨ ᠨᠡᠷᠡᠰ ᠲᠤ ᠲᠤᠳᠤᠷᠠᠭᠰᠠᠨ ᠪᠠᠶᠢᠨ᠎ᠠ᠃
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号