ᠤᠮᠠᠷᠠᠳᠣ ᠬᠢᠯᠢ ᠶᠢᠨ ᠰᠤᠶᠤᠯ — ᠤᠷ᠎ᠠ ᠤᠬᠠᠭᠠᠨ ᠢᠶᠠᠨ ᠰᠢᠯᠭᠠᠬᠰᠠᠨ ᠰᠢᠳᠠᠷ᠎ᠠ ᠶᠢᠨ ᠤᠷᠤᠯᠳᠤᠭᠠᠨ
ᠨᠡᠶᠢᠲᠡᠯᠡᠭᠰᠡᠨ ᠴᠠᠭ᠄
2024/7/22
   ᠰᠢᠳᠠᠷ᠎ᠠ ᠪᠤᠯ ᠳᠤᠮᠳᠠᠳᠤ ᠶᠢᠨ ᠦᠨᠳᠦᠰᠦᠳᠡᠨ ᠤ ᠳᠡᠤᠭᠡ ᠰᠤᠶᠤᠯ ᠤᠨ ᠦᠨᠡᠳᠦ ᠡᠷᠳᠡᠨᠢ ᠮᠦᠨ᠂ ᠳᠤᠮᠳᠠᠳᠤ ᠶᠢᠨ ᠦᠨᠳᠦᠰᠦᠳᠡᠨ ᠤ ᠤᠯᠠᠮᠵᠢᠯᠠᠯᠳᠦ ᠰᠤᠶᠤᠯ ᠢ ᠤᠯᠠᠮᠵᠢᠯᠠᠨ ᠪᠠᠳᠠᠷᠠᠭᠤᠯᠵᠦ᠂ ᠨᠠᠶᠢᠷ ᠨᠠᠭᠠᠳᠤᠮ ᠳᠤ ᠬᠦᠭ ᠨᠡᠮᠡᠬᠦ ᠪᠠᠷ᠂ 7 ᠰᠠᠷ᠎ᠠ 18 ᠤ ᠡᠳᠦᠷ᠂ 2024 ᠤᠨ ᠤ ᠬᠢᠨᠭ᠍ᠭᠠᠨ ᠠᠶᠢᠮᠠᠬ ᠤᠨ ᠨᠠᠭᠠᠳᠤᠮ ᠤᠨ ᠤᠯᠠᠷᠢᠯ ᠤᠨ ᠳᠤᠮᠳᠠᠳᠤ · ᠮᠤᠩᠭᠤᠯ ᠤᠯᠤᠰ ᠤᠨ ᠮᠤᠩᠭᠤᠯ ᠰᠢᠳᠠᠷ᠎ᠠ ᠶᠢᠨ ᠤᠷᠤᠯᠳᠤᠭᠠᠨ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠤᠯᠠᠭᠠᠨᠮᠤᠳᠦ ᠳᠤᠮᠳᠠᠳᠤ ᠰᠤᠷᠭᠠᠭᠤᠯᠢ ᠳᠤ ᠶᠠᠪᠤᠬᠳᠠᠬᠰᠠᠨ ᠪᠠᠶᠢᠨ᠎ᠠ᠃    ︽ᠪᠢ ᠬᠤᠯᠪᠤᠭᠠᠨ ᠳᠡᠭᠡᠷᠡᠬᠢ ᠰᠢᠳᠠᠷ᠎ᠠ ᠶᠢᠨ ᠤᠷᠤᠯᠳᠤᠭᠠᠨ ᠤ ᠴᠢᠮᠡᠭᠡ ᠪᠠᠷ ᠢᠷᠡᠵᠦ᠂ ᠪᠠᠰᠠ ᠬᠢᠨᠭ᠍ᠭᠠᠨ ᠠᠶᠢᠮᠠᠬ ᠤᠨ ᠨᠠᠭᠠᠳᠤᠮ ᠢ ᠰᠤᠨᠢᠷᠬᠠᠯ᠎ᠠ᠂ ᠦᠨᠦᠳᠦᠷ ᠮᠦᠨ ᠴᠤ ᠦᠪᠦᠷ ᠮᠤᠩᠭᠤᠯ ᠤᠨ ᠮᠠᠰᠢ ᠤᠯᠠᠨ ᠰᠢᠯᠢᠳᠡᠭ ᠰᠢᠳᠠᠷᠠᠴᠢᠳ ᠲᠠᠢ ᠤᠷ᠎ᠠ ᠮᠡᠷᠭᠡᠵᠢᠯ ᠢᠶᠠᠨ ᠰᠤᠯᠢᠯᠴᠠᠵᠠᠢ ᠁︾ ᠭᠡᠵᠦ ᠯᠢᠶᠤᠤᠨᠢᠩ ᠮᠤᠵᠢ ᠶᠢᠨ ᠹᠦᠰᠢᠨ ᠬᠤᠳᠠ ᠶᠢᠨ ᠹᠦᠰᠢᠨ ᠮᠤᠩᠭᠤᠯ ᠦᠨᠳᠦᠰᠦᠳᠡᠨ ᠤ ᠦᠪᠡᠷᠳᠡᠭᠡᠨ ᠵᠠᠰᠠᠬᠤ ᠰᠢᠶᠠᠨ ᠠᠴᠠ ᠢᠷᠡᠭᠰᠡᠨ ᠰᠢᠳᠠᠷᠠᠴᠢᠨ ᠱᠢ ᠴᠢᠤᠸᠠᠨ ᠶᠠᠷᠢᠯ᠎ᠠ᠃ ᠤᠶᠢᠯᠠᠭᠠᠯᠳᠠ ᠪᠠᠷ ᠂ ᠳᠡᠷᠡ ᠠᠩᠬ᠎ᠠ ᠤᠳᠠᠭ᠎ᠠ ᠬᠢᠨᠭ᠍ᠭᠠᠨ ᠠᠶᠢᠮᠠᠬ ᠲᠤ ᠢᠷᠡᠵᠦ᠂ ᠮᠦᠨ ᠴᠤ ᠠᠩᠬ᠎ᠠ ᠤᠳᠠᠭ᠎ᠠ ᠨᠠᠶᠢᠷ ᠨᠠᠭᠠᠳᠤᠮ ᠤᠨ ᠴᠤᠬᠯᠠᠭᠠᠨ ᠳᠤ ᠤᠷᠤᠯᠴᠠᠵᠦ᠂ ᠳᠤᠬᠠᠢ ᠶᠢᠨ ᠳᠠᠯᠠᠪᠤᠷ ᠲᠤ ᠡᠷ᠎ᠠ ᠶᠢᠨ ᠭᠤᠷᠪᠠᠨ ᠨᠠᠭᠠᠳᠤᠮ ᠢ ᠰᠤᠨᠢᠷᠬᠠᠬᠰᠠᠨ ᠳᠠᠭᠠᠨ ᠮᠠᠰᠢ ᠪᠠᠶᠠᠰᠤᠯᠳᠠᠢ ᠪᠠᠶᠢᠨ᠎ᠠ᠃    ᠳᠤᠰ ᠤᠳᠠᠭᠠᠨ ᠤ ᠤᠷᠤᠯᠳᠤᠭᠠᠨ ᠳᠤ᠂ ᠬᠢᠨᠭ᠍ᠭᠠᠨ ᠠᠶᠢᠮᠠᠬ ᠤᠨ ᠡᠯ᠎ᠠ ᠬᠤᠰᠢᠭᠤ ᠰᠢᠶᠠᠨ ᠬᠤᠳᠠ᠂ ᠬᠦᠭᠡᠬᠤᠳᠠ᠂ ᠬᠦᠯᠤᠨ ᠪᠤᠶᠢᠷ ᠬᠤᠳᠠ᠂ ᠰᠢᠯᠢ ᠶᠢᠨ ᠭᠤᠤᠯ ᠠᠶᠢᠮᠠᠬ ᠵᠢᠴᠢ ᠬᠢᠷᠢᠨ ᠮᠤᠵᠢ ᠬᠠᠷᠠᠮᠦ᠋ᠷᠡᠨ ᠮᠤᠵᠢ ᠵᠡᠷᠭᠡ ᠠᠴᠠ ᠬᠦᠷᠦᠯᠴᠡᠨ ᠢᠷᠡᠭᠰᠡᠨ 34 ᠰᠢᠳᠠᠷᠠᠴᠢᠳ ᠤᠷᠤᠯᠴᠠᠨ ᠮᠦᠷᠦ᠋ᠴᠡᠭᠰᠡᠨ ᠪᠠᠶᠢᠨ᠎ᠠ᠃ ᠳᠤᠰ ᠤᠳᠠᠭᠠᠨ ᠤ ᠤᠷᠤᠯᠳᠤᠭᠠᠨ ᠨᠢ ᠰᠸᠢᠰ ᠮᠠᠶ᠋ᠢᠬ ᠤᠨ ᠤᠷᠤᠯᠳᠤᠭᠠᠨ ᠤ ᠲᠦᠷᠢᠮ ᠢᠶᠠᠷ ᠳᠤᠯᠤᠭᠠᠨ ᠡᠭᠡᠯᠵᠢ ᠶᠠᠪᠤᠬᠳᠠᠵᠦ᠂ ᠰᠢᠳᠠᠷᠠᠴᠢᠳ ᠨᠢᠭᠡ ᠡᠳᠦᠷ ᠤᠨ ᠳᠤᠷᠰᠢ ᠰᠢᠳᠠᠷ᠎ᠠ ᠶᠢᠨ ᠬᠦᠯᠭᠡᠨ ᠳᠤ ᠤᠷ᠎ᠠ ᠤᠬᠠᠭᠠᠨ ᠢᠶᠠᠨ ᠰᠢᠯᠭᠠᠨ᠂ ᠰᠢᠳᠠᠷ᠎ᠠ ᠶᠢᠨ ᠮᠡᠷᠭᠡᠵᠢᠯ ᠢᠶᠠᠨ ᠰᠤᠯᠢᠯᠴᠠᠵᠦ᠂ ᠤᠷᠤᠯᠳᠤᠭᠠᠨ ᠤ ᠡᠴᠤᠰ ᠲᠤ ᠰᠢᠯᠢ ᠶᠢᠨ ᠭᠤᠤᠯ ᠠᠶᠢᠮᠠᠬ ᠤᠨ ᠰᠢᠳᠠᠷᠠᠴᠢᠨ ᠰᠤᠷᠭᠠᠯᠳᠦ ᠦᠵᠦᠬᠦᠷᠯᠡᠵᠦ᠂ ᠬᠦᠯᠤᠨ ᠪᠤᠶᠢᠷ ᠬᠤᠳᠠ ᠶᠢᠨ ᠰᠤᠨᠢᠶ᠎ᠠ ᠳᠡᠳ᠋ᠯᠡᠵᠦ᠂ ᠰᠢᠯᠢ ᠶᠢᠨ ᠭᠤᠤᠯ ᠠᠶᠢᠮᠠᠬ ᠤᠨ ᠴᠢᠮᠪᠠᠢ ᠭᠤᠷᠪᠠᠳᠤᠭᠠᠷ ᠲᠤ᠂ ᠰᠢᠯᠢ ᠶᠢᠨ ᠭᠤᠤᠯ ᠠᠶᠢᠮᠠᠬ ᠤᠨ ᠬᠦᠮᠦᠵᠢᠯᠳᠦ ᠲᠦᠷᠪᠡᠳᠦᠭᠡᠷ ᠲᠤ ᠰᠢᠯᠭᠠᠷᠠᠵᠠᠢ᠃    ᠮᠤᠩᠭᠤᠯ ᠰᠢᠳᠠᠷ᠎ᠠ ᠨᠢ ᠪᠡᠶ᠎ᠠ ᠶᠢᠨ ᠳᠠᠮᠢᠷ᠂ ᠠᠵᠦ ᠠᠬᠤᠢ᠂ ᠰᠤᠶᠤᠯ᠂ ᠵᠤᠭ᠎ᠠ ᠴᠠᠩᠭᠡᠯ᠂ ᠰᠢᠨᠵᠢᠯᠡᠬᠦ ᠤᠬᠠᠭᠠᠨ᠂ ᠤᠷᠠᠯᠢᠬ ᠵᠡᠷᠭᠡ ᠶᠢ ᠠᠭᠤᠰᠬᠠᠬᠰᠠᠨ ᠨᠢᠭᠡ ᠵᠦᠢᠯ ᠤᠨ ᠤᠶᠤᠨ ᠤ ᠳᠤᠬᠯᠠᠭᠠᠮ ᠪᠤᠯᠬᠤ ᠤᠴᠢᠷ ᠠᠴᠠ ᠨᠠᠯᠢᠶᠡᠳ ᠤᠯᠠᠨ ᠭᠡᠷ ᠤᠨ ᠠᠬᠠᠮᠠᠳ ᠤᠨ ᠳᠠᠭᠠᠰᠢᠶᠠᠯ ᠵᠢᠴᠢ ᠪᠠᠭᠠᠴᠤᠳ ᠭᠡᠤᠭᠡᠳ ᠤᠨ ᠪᠠᠭ᠋ᠠᠷᠤᠯ ᠢ ᠳᠠᠳᠠᠵᠦ ᠪᠠᠶᠢᠭ᠎ᠠ ᠶᠤᠮ᠃ ︽ᠪᠢ ᠭᠡᠤᠭᠡᠳ ᠤᠨ ᠴᠡᠴᠡᠷᠯᠢᠭ ᠠᠴᠠ ᠪᠠᠨ ᠡᠬᠢᠯᠡᠨ ᠮᠤᠩᠭᠤᠯ ᠰᠢᠳᠠᠷ᠎ᠠ ᠶᠢ ᠰᠤᠷᠤᠯᠴᠠᠵᠦ᠂ ᠰᠤᠷᠭᠠᠭᠤᠯᠢ ᠠᠴᠠ ᠡᠷᠬᠢᠯᠡᠭᠰᠡᠨ ᠰᠢᠳᠠᠷ᠎ᠠ ᠶᠢᠨ ᠤᠷᠤᠯᠳᠤᠭᠠᠨ ᠳᠤ ᠤᠯᠠᠨᠳᠠ ᠤᠷᠤᠯᠴᠠᠵᠠᠢ᠃ ᠳᠤᠰ ᠤᠳᠠᠭᠠᠨ ᠤ ᠤᠷᠤᠯᠳᠤᠭᠠᠨ ᠳᠤ ᠡᠮᠦᠨ᠎ᠠ ᠨᠡᠷᠡᠰ ᠲᠤ ᠤᠷᠤᠵᠦ ᠳᠠᠶᠢᠯᠦᠭᠰᠡᠨ ᠦᠭᠡᠢ ᠪᠤᠯᠪᠠᠴᠦ ᠡᠯ᠎ᠠ ᠭᠠᠵᠠᠷ ᠤᠷᠤᠨ ᠤ ᠠᠬᠠᠮᠠᠳ ᠰᠢᠳᠠᠷᠠᠴᠢᠳ ᠲᠠᠢ ᠤᠷ᠎ᠠ ᠮᠡᠷᠭᠡᠵᠢᠯ ᠢᠶᠠᠨ ᠰᠤᠯᠢᠯᠴᠠᠵᠦ᠂ ᠮᠠᠰᠢ ᠤᠯᠤᠯᠳᠠ ᠲᠠᠢ ᠪᠠᠶᠢᠨ᠎ᠠ︾ ᠭᠡᠵᠦ ᠬᠦᠭᠡᠬᠤᠳᠠ ᠶᠢᠨ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ ᠪᠠᠷ ᠪᠢᠴᠢᠭ ᠰᠤᠶᠤᠯ ᠤᠨ ᠮᠦᠷ ᠬᠦᠭᠡᠭᠡᠵᠦ ᠶᠠᠪᠤᠭ᠎ᠠ ᠳᠠᠪᠠᠯᠭᠠᠨ ᠶᠠᠷᠢᠯ᠎ᠠ᠃
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号