ᠤᠮᠠᠷᠠᠳᠣ ᠬᠢᠯᠢ ᠶᠢᠨ ᠰᠤᠶᠤᠯ — ᠨᠠᠭᠠᠳᠦᠮ ᠬᠤᠳᠤᠯᠵᠠᠭᠤᠯᠤᠭᠰᠠᠨ ᠬᠦᠴᠤᠳᠣ 256 ᠪᠦᠭᠡ ᠶᠢᠨ ᠲᠡᠮᠡᠴᠡᠭᠡᠨ 
ᠨᠡᠶᠢᠲᠡᠯᠡᠭᠰᠡᠨ ᠴᠠᠭ᠄
2024/7/22
    ᠨᠠᠷᠠ ᠨᠢ ᠮᠦᠰᠢᠶᠠᠵᠦ᠂ ᠨᠠᠷᠮᠠᠢ ᠠᠷᠡᠳ ᠨᠢ ᠪᠠᠶᠠᠰᠦᠯᠴᠠᠬᠰᠠᠨ ᠨᠠᠯᠠᠭᠠᠷ ᠵᠤᠨ ᠤ 7 ᠰᠠᠷ᠎ᠠ ᠶᠢᠨ 17 ᠤ ᠡᠳᠦᠷ᠂ 2024 ᠤ ᠬᠢᠨᠭ᠍ᠭᠠᠨ ᠠᠶᠢᠮᠠᠭ ᠤᠨ ᠨᠠᠭᠠᠳᠦᠮ ᠤᠨ ᠤᠯᠠᠷᠢᠯ ᠤᠨ ᠡᠬᠢᠯᠡᠯᠲᠠ ᠶᠢᠨ ᠶᠤᠰᠤᠯᠠᠯ ᠤᠯᠠᠭᠠᠨᠮᠤᠳᠤ ᠰᠤᠮᠤ ᠶᠢᠨ ᠦᠨᠳᠥᠰᠥᠳᠡᠨ ᠤ ᠤᠯᠠᠮᠵᠢᠯᠠᠯᠳᠥ ᠪᠡᠶ᠎ᠡ ᠶᠢᠨ ᠲᠠᠮᠢᠷ ᠤᠨ ᠶᠡᠷᠥᠩᠬᠡᠶᠢᠯᠡᠭᠰᠡᠨ ᠪᠤᠯᠪᠠᠰᠤᠷᠠᠯ ᠤᠨ ᠰᠠᠭᠤᠷᠢᠨ ᠭᠠᠵᠠᠷ ᠲᠤ ᠠᠮᠵᠢᠯᠲᠠᠲᠠᠢ ᠰᠠᠶᠢᠬᠠᠨ ᠶᠠᠪᠤᠬᠳᠠᠵᠦ᠂ ᠡᠷ᠎ᠡ ᠶᠢᠨ ᠭᠤᠷᠪᠠᠨ ᠨᠠᠭᠠᠳᠤᠮ ᠤᠨ ᠪᠦᠭᠡ ᠶᠢᠨ ᠤᠷᠤᠯᠳᠤᠭᠠᠨ ᠴᠤ ᠢᠳᠡᠭ ᠬᠦᠭ ᠲᠠᠢ ᠪᠤᠯᠵᠦ᠂ ᠬᠦᠴᠦᠳᠤ 256 ᠪᠦᠭᠡ ᠶᠢᠨ ᠤᠷᠤᠯᠳᠤᠭᠠᠨ ᠳᠤ ᠵᠡᠭᠦᠨ ᠦᠵᠦᠮᠦᠴᠢᠨ ᠬᠤᠰᠢᠭᠤᠨ ᠤ ᠰᠦᠯᠲᠠ ᠲᠡᠷᠢᠭᠦᠯᠡᠵᠦ᠂ ᠬᠤᠯᠠ ᠤᠶᠢᠷ᠎ᠠ ᠠᠴᠠ ᠬᠦᠷᠦᠯᠴᠡᠨ ᠢᠷᠡᠭᠰᠡᠨ ᠦᠵᠡᠭᠴᠢ ᠲᠦᠮᠡᠨ ᠢᠶᠠᠨ ᠪᠠᠶᠠᠰᠬᠠᠯ᠎ᠠ᠃     ᠲᠤᠰ ᠤᠳᠠᠭᠠᠨ ᠤ ᠪᠦᠭᠡ ᠶᠢᠨ ᠤᠷᠤᠯᠳᠤᠭᠠᠨ ᠳᠤ ᠬᠢᠨᠭ᠍ᠭᠠᠨ ᠠᠶᠢᠮᠠᠭ ᠤᠨ ᠡᠯ᠎ᠠ ᠬᠤᠰᠢᠭᠤ ᠰᠢᠶᠠᠨ ᠬᠤᠲᠠ ᠪᠠ ᠰᠢᠯᠢ ᠶᠢᠨ ᠭᠤᠤᠯ᠂ ᠤᠯᠠᠭᠠᠨᠬᠠᠲᠠ᠂ ᠲᠦᠡᠭᠯᠢᠶᠤᠤ᠂ ᠬᠦᠯᠦᠨ ᠪᠤᠶᠢᠷ ᠵᠡᠷᠭᠡ ᠭᠠᠵᠠᠷ ᠤᠷᠤᠨ ᠠᠴᠠ ᠬᠦᠷᠦᠯᠴᠡᠨ ᠢᠷᠡᠭᠰᠡᠨ ᠬᠦᠴᠦᠲᠦ 256 ᠪᠦᠭᠡᠴᠢᠨ ᠵᠤᠳᠤᠬᠯᠠᠨ ᠡᠷᠴᠢ ᠬᠦᠴᠦ ᠪᠠ ᠤᠬᠠᠭᠠᠨ ᠲᠠᠮᠢᠷ ᠢᠶᠠᠨ ᠬᠦᠮᠦᠨ ᠵᠤᠨ ᠳᠠᠭᠠᠨ ᠭᠠᠶᠢᠬᠠᠭᠤᠯᠤᠬᠰᠠᠨ ᠪᠠᠶᠢᠨ᠎ᠠ᠃ ᠬᠦᠴᠦᠳᠤ 256 ᠪᠦᠭᠡ ᠶᠢᠨ ᠲᠡᠮᠡᠴᠡᠭᠡᠨ ᠤ ᠳᠡᠭᠡᠲᠦ ᠨᠠᠢᠮᠠ ᠳᠤ ᠵᠡᠭᠦᠨ ᠦᠵᠦᠮᠦᠴᠢᠨ ᠤ ᠰᠦᠯᠲᠠ᠂ ᠴᠢᠬᠢᠷᠠᠬ᠂ ᠡᠷᠬᠢᠮᠰᠦᠯᠳᠡ᠂ ᠵᠠᠯᠠᠶᠢᠳ ᠤᠨ ᠴᠡᠯᠮᠡᠭ᠂ ᠵᠡᠭᠦᠨ ᠦᠵᠦᠮᠦᠴᠢᠨ ᠤ ᠰᠡᠴᠡᠨᠪᠢᠯᠢᠭ᠂ ᠤᠯᠠᠭᠠᠨᠮᠤᠲᠦ ᠶᠢᠨ ᠪᠠᠭ᠎ᠠ ᠬᠦᠭᠵᠢᠯ᠂ ᠬᠦᠯᠦᠨ ᠪᠤᠶᠢᠷ ᠤᠨ ᠰᠡᠩᠭᠡᠭᠠᠷᠪᠤ᠂ ᠤᠯᠤᠰᠤᠲᠠᠢ ᠶᠢᠨ ᠬᠦᠰᠡᠯ ᠵᠡᠷᠭᠡ ᠪᠦᠭᠡᠴᠢᠨ ᠦᠯᠡᠳᠡᠵᠦ᠂ ᠳᠡᠭᠡᠲᠦ ᠲᠦᠷᠪᠡ ᠳᠤ ᠵᠡᠭᠦᠨ ᠦᠵᠦᠮᠦᠴᠢᠨ ᠤ ᠰᠦᠯᠳᠡ᠂ ᠴᠢᠬᠢᠷᠠᠬ᠂ ᠡᠷᠬᠢᠮᠰᠦᠯᠲᠠ᠂ ᠵᠠᠯᠠᠶᠢᠳ ᠬᠤᠰᠢᠭᠤᠨ ᠤ ᠴᠡᠯᠮᠡᠭ ᠵᠡᠷᠭᠡ ᠰᠤᠳᠤᠨ ᠪᠦᠭᠡᠴᠢᠨ ᠮᠠᠬᠰᠢᠵᠦ᠂ ᠵᠡᠭᠦᠨ ᠦᠵᠦᠮᠦᠴᠢᠨ ᠤ ᠰᠦᠯᠲᠠ ᠵᠡᠭᠦᠨ ᠦᠵᠦᠮᠦᠴᠢᠨ ᠤ ᠴᠢᠬᠢᠷᠠᠬ ᠢ ᠬᠠᠶᠠᠵᠦ ᠨᠠᠢᠮᠠ ᠳᠠᠪᠠᠨ ᠲᠡᠷᠢᠭᠦᠯᠡᠵᠦ᠂ ᠵᠡᠭᠦᠨ ᠦᠵᠦᠮᠦᠴᠢᠨ ᠤ ᠴᠢᠬᠢᠷᠠᠬ ᠳᠡᠳ᠋ᠯᠡᠪᠠ᠃
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号