ᠢᠦᠶ ᠵᠢᠶ ᠱᠦᠨ ᠦᠶᠡᠷ ᠢ ᠰᠡᠷᠭᠡᠶᠢᠯᠡᠬᠦ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/7/23
    7 ᠰᠠᠷ᠎ᠠ ᠶᠢᠨ 20 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠠᠶᠢᠮᠠᠭ ᠤᠨ ᠦᠶᠡᠷ ᠢ ᠰᠡᠷᠭᠡᠶᠢᠯᠡᠬᠦ ᠵᠢᠯᠣᠭᠤᠳᠬᠤ ᠭᠠᠵᠠᠷ ᠤᠨ ᠠᠵᠢᠯ ᠢ ᠱᠠᠯᠠᠪᠳᠠᠭᠤᠯᠤᠨ ᠵᠢᠯᠣᠭᠤᠳᠪᠠ᠃     ᠢᠦᠶ ᠵᠢᠶ ᠱᠦᠨ ᠴᠢᠬᠤᠯᠠᠴᠢᠯᠠᠭᠰᠠᠨ ᠨᠢ᠂ ᠣᠳᠣᠬᠠᠨ ᠳᠤ ᠶᠠᠭ ᠦᠶᠡᠷ ᠤᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠵᠢᠱᠢᠯᠲᠡ ᠪᠠᠷ ᠢᠷᠡᠬᠦ ᠬᠡᠳᠦᠨ ᠡᠳᠦᠷ ᠲᠤ ᠦᠷᠭᠦᠯᠵᠢᠯᠡᠨ ᠪᠣᠷᠣᠭᠠᠨ ᠲᠠᠢ᠂ ᠡᠯ᠎ᠡ ᠱᠠᠲᠤᠨ ᠤ ᠦᠶᠡᠷ ᠢ ᠰᠡᠷᠭᠡᠶᠢᠯᠡᠬᠦ ᠵᠢᠯᠣᠭᠤᠳᠬᠤ ᠭᠠᠵᠠᠷ ᠤᠨ ᠬᠢᠨ ᠦᠶᠡᠷ ᠢ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠪᠣᠷᠣᠭᠠᠨ ᠤ ᠪᠠᠶᠢᠳᠠᠯ ᠤᠰᠤᠨ ᠤ ᠪᠠᠶᠢᠳᠠᠯ ᠢ ᠰᠠᠶᠢᠳᠤᠷ ᠠᠵᠢᠵᠦ᠂ ᠤᠷᠢᠳᠴᠢᠯᠠᠨ ᠰᠡᠷᠡᠮᠵᠢᠯᠡᠭᠦᠯᠬᠦ ᠰᠡᠳᠭᠢᠯᠭᠡ ᠶᠢ ᠡᠪᠦᠷᠯᠡᠨ᠂ ᠡᠯ᠎ᠡ ᠱᠠᠲᠤᠨ ᠤ ᠵᠢᠯᠣᠭᠤᠳᠬᠤ ᠰᠢᠰᠲ᠋ᠧᠮ ᠢ ᠥᠨᠳᠥᠷ ᠪᠦᠲᠦᠮᠵᠢᠲᠡᠶ ᠰᠠᠭᠠᠳ ᠥᠬᠡᠶ ᠨᠡᠪᠲᠡᠷᠡᠭᠦᠯᠵᠦ᠂ ᠠᠮᠢᠳᠤᠯᠢᠭ ᠢᠶᠠᠷ ᠠᠵᠢᠯᠯᠠᠭᠤᠯᠵᠤ᠂ ᠠᠭᠤᠯᠠᠨ ᠤ ᠦᠶᠡᠷ ᠡᠭᠦᠰᠬᠦ ᠠᠶᠤᠯ ᠲᠦᠭᠰᠢᠭᠦᠷᠢ ᠲᠠᠢ ᠣᠷᠣᠨ᠂ ᠬᠤᠳᠠᠨ ᠲᠤᠳᠤᠷᠠᠬᠢ ᠠᠮᠠᠷᠬᠠᠨ ᠤᠰᠤᠲᠤᠬᠤ ᠣᠷᠣᠨ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠪᠣᠯᠤᠨ ᠵᠠᠩᠭᠢᠯᠠᠭ᠎ᠠ ᠶᠢᠨ ᠬᠡᠰᠡᠭ ᠢ ᠬᠢᠨᠠᠨ ᠬᠡᠮᠵᠢᠵᠦ᠂ ᠬᠠᠮᠢᠶᠠᠷᠬᠤ ᠬᠥᠮᠦᠨ ᠲᠠᠢ᠂ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠲᠠᠢ᠂ ᠡᠳ᠋ ᠪᠣᠳᠠᠰ ᠢ ᠴᠠᠭ ᠲᠤᠬᠠᠶ ᠳᠤᠨᠢ ᠲᠤᠬᠢᠷᠠᠭᠤᠯᠬᠤ ᠬᠦᠮᠦᠨ ᠲᠠᠢ ᠪᠠᠶᠢᠬᠤ ᠶᠢ ᠪᠠᠳᠤᠯᠠᠵᠦ᠂ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠡᠭᠡᠯᠵᠢ ᠳᠠᠭᠠᠭᠤᠯᠬᠤ ᠲᠦᠷᠢᠮ ᠢ ᠬᠡᠷᠡᠭᠵᠢᠭᠦᠯᠵᠦ᠂ ᠡᠬᠦᠷᠭᠡ ᠬᠠᠷᠢᠭᠤᠴᠠᠯᠭ᠎ᠠ ᠶᠢ ᠪᠤᠳᠠᠳᠠᠢ ᠨᠠᠶᠢᠳᠠᠪᠤᠷᠢᠵᠢᠭᠤᠯᠵᠦ᠂ ᠦᠶᠡᠷ ᠢ ᠰᠡᠷᠭᠡᠶᠢᠯᠡᠵᠦ ᠠᠶᠤᠯ ᠠᠴᠠ ᠵᠠᠶᠢᠯᠠᠬᠤ ᠶᠢ ᠬᠥᠲᠥᠯᠥᠨ ᠵᠢᠯᠣᠭᠤᠳᠬᠤ ᠤᠬᠠᠭᠤᠯᠭ᠎ᠠ ᠪᠠ ᠤᠷᠢᠳᠴᠢᠯᠠᠨ ᠰᠡᠷᠡᠮᠵᠢᠯᠡᠭᠦᠯᠬᠦ ᠪᠤᠳᠠᠳᠠᠢ ᠳᠤ ᠨᠠᠶᠢᠳᠠᠪᠤᠷᠢᠵᠢᠭᠤᠯᠵᠤ ᠠᠷᠠᠳ ᠣᠯᠠᠨ ᠤ ᠠᠮᠢ ᠨᠠᠰᠦ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠳᠤᠯᠠᠬᠤ ᠬᠡᠷᠡᠭᠳᠡᠢ ᠭᠡᠪᠡ᠃                                   ︵ᠵᠠᠩ ᠴᠢᠶᠠᠩ   ᠲᠤᠯᠭᠠᠭᠤᠷᠢ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号