ᠬᠢᠩᠭᠠᠨ ᠠᠶᠢᠮᠠᠭ ᠤᠨ ᠵᠠᠬᠢᠷᠭ᠎ᠠ ᠪᠥᠬᠦᠳᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/23
    7 ᠰᠠᠷ᠎ᠠ ᠶᠢᠨ 20 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠠᠶᠢᠮᠠᠭ ᠤᠨ ᠵᠠᠬᠢᠷᠭ᠎ᠠ ᠶᠢᠨ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ 7 ᠰᠠᠷ᠎ᠠ ᠶᠢᠨ 19 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠪᠠᠶᠢᠳᠠᠯ ᠢ ᠵᠠᠳᠠᠯᠬᠤ ᠬᠤᠷᠠᠯ ᠵᠡᠷᠭᠡ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠠᠶᠢᠮᠠᠭ ᠤᠨ ᠳᠣᠤᠷ᠎ᠠ ᠬᠠᠭᠠᠰ ᠵᠢᠯ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠰᠠᠶᠢᠲᠤᠷ ᠡᠵᠡᠮᠳᠡᠵᠦ᠂ ᠡᠬᠢ ᠪᠠᠶᠠᠯᠢᠭ ᠤᠨ ᠳᠠᠪᠠᠭᠤᠯᠢᠭ ᠢ ᠰᠠᠶᠢᠲᠤᠷ ᠠᠰᠢᠭᠯᠠᠵᠤ᠂ ᠺᠠᠳ᠋ᠷ ᠤᠯᠠᠨ ᠲᠦᠮᠡᠨ ᠤ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠢ ᠰᠠᠶᠢᠲᠤᠷ ᠪᠠᠳᠠᠷᠠᠭᠤᠯᠵᠤ᠂ ᠬᠢᠩᠭᠠᠨ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠪᠦᠬᠦ ᠤᠯᠤᠰ ᠤᠨ ᠶᠡᠭᠡ ᠲᠠᠯ᠎ᠠ ᠠᠴᠠ ᠪᠦᠬᠦ ᠠᠶᠢᠮᠠᠭ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠶᠢ ᠡᠵᠡᠮᠳᠡᠵᠦ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾᠂ ︽ᠵᠢᠷᠭᠤᠭᠠᠨ ᠢᠨᠵᠧᠨᠧᠷᠢᠩ︾   ᠢ ᠨᠠᠶᠢᠳᠠᠪᠤᠷᠢᠵᠢᠭᠤᠯᠬᠤ ᠠᠵᠢᠯ ᠤᠨ ᠳᠤᠮᠳᠠ ᠠᠵᠤ ᠦᠢᠯᠡᠰ ᠤᠨ ᠬᠥᠭᠵᠢᠯᠲᠡ ᠶᠢ ᠲᠥᠯᠥᠪᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠦᠢᠯᠡᠰ ᠤᠨ ᠪᠠᠶᠢᠷᠢᠰᠢᠭᠤᠯᠤᠯᠲᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠰᠢᠷᠭᠠᠭᠤ ᠪᠣᠳᠠᠲᠠᠢ ᠠᠵᠢᠯᠯᠠᠵᠦ᠂ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠡᠩ ᠲᠦᠷᠭᠡᠨ᠂ ᠨᠡᠩ ᠰᠠᠶᠢᠨ᠂ ᠨᠡᠩ ᠪᠣᠳᠠᠲᠠᠢ ᠬᠢᠬᠦ ᠬᠡᠷᠡᠭᠲᠡᠢ᠃ ᠪᠥᠬᠦ ᠠᠶᠢᠮᠠᠭ ᠤᠨ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠡᠷᠡᠰ ᠭᠤᠶᠢᠪᠢᠰᠢ ᠥᠬᠡᠶ ᠠᠬᠢᠭᠤᠯᠵᠤ᠂ ᠦᠶᠡᠷ ᠢ ᠰᠡᠷᠭᠡᠶᠢᠯᠡᠬᠦ᠂ ᠠᠶᠤᠯᠭᠦᠶ ᠦᠢᠯᠡᠳᠪᠦᠷᠢᠯᠡᠯ ᠵᠡᠷᠭᠡ ᠡᠯ᠎ᠡ ᠵᠦᠢᠯ ᠤᠨ ᠠᠵᠢᠯ ᠢ ᠪᠣᠳᠠᠲᠠᠶ ᠴᠢᠩᠭ᠎ᠠ ᠠᠳᠬᠤᠵᠦ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠦᠨᠡᠨᠬᠦ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠬᠢᠩᠭᠠᠨ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠶᠢᠨ ᠬᠠᠷᠢᠭᠤᠯᠲᠠ ᠶᠢᠨ ᠬᠠᠭᠤᠳᠠᠰᠤ ᠶᠢ ᠰᠠᠶᠢᠲᠤᠷ ᠬᠠᠷᠢᠭᠤᠯᠬᠤ ᠬᠡᠷᠡᠭᠲᠡᠶ ᠭᠡᠵᠡᠢ᠃                    ︵ᠵᠠᠩ ᠴᠢᠶᠠᠩ   ᠲᠤᠯᠭᠠᠭᠤᠷᠢ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号