ᠤᠮᠠᠷᠠᠳᠤ ᠬᠢᠯᠢ ᠶᠢᠨ ᠰᠤᠶᠤᠯ — ᠰᠡᠳᠬᠢᠯ ᠢ ᠳᠠᠳᠠᠬᠰᠠᠨ ᠦᠨᠳᠦᠰᠦᠲᠡᠨ ᠤ ᠤᠨᠴᠠᠯᠢᠬᠲᠦ ᠳᠡᠯᠭᠡᠨ ᠪᠤᠷᠤᠯᠠᠭᠤᠯᠭ᠎ᠠ
ᠨᠡᠶᠢᠲᠡᠯᠡᠭᠰᠡᠨ ᠴᠠᠭ᠄
2024/7/23
    ᠨᠠᠭᠠᠳᠤᠮ ᠪᠤᠯ ᠮᠤᠩᠭᠤᠯᠴᠤᠳ ᠤᠨ ᠦᠨᠢ ᠤᠳᠠᠭᠠᠨ ᠲᠡᠦᠬᠡ ᠲᠠᠢ ᠤᠯᠠᠮᠵᠢᠯᠠᠯᠳᠤ ᠪᠠᠶᠠᠷ ᠪᠤᠯᠬᠤ ᠪᠦᠬᠡᠳ ᠪᠠᠰᠠ ᠴᠤ ᠲᠠᠯ᠎ᠠ ᠨᠤᠳᠤᠬ ᠤᠨ ᠠᠷᠠᠳ ᠲᠦᠮᠡᠨ ᠤ ᠪᠠᠶᠠᠷ ᠪᠠᠶᠠᠰᠬᠤᠯᠠᠩᠳᠤ ᠴᠤᠬᠯᠠᠭᠠᠨ᠂ ᠲᠠᠯ᠎ᠠ ᠨᠤᠳᠤᠬ ᠤᠨ ᠪᠤᠯᠪᠠᠰᠤᠨ ᠪᠤᠯᠤᠨ ᠦᠨᠳᠦᠰᠦᠳᠡᠨ ᠤ ᠵᠠᠩ ᠦᠢᠯᠡ ᠶᠢ ᠲᠦᠪᠯᠡᠷᠡᠬᠦᠯᠦᠨ ᠲᠡᠯᠬᠡᠨ ᠦᠵᠡᠬᠦᠯᠬᠦ ᠦᠪᠡᠳᠡᠭᠰᠢ ᠴᠤᠬᠯᠠᠭᠠᠨ ᠪᠤᠯᠬᠤ ᠮᠦᠷᠳᠡᠭᠡᠨ ᠦᠨᠳᠦᠰᠦᠲᠡᠨ ᠤ ᠤᠨᠴᠠᠯᠢᠭ ᠪᠦᠬᠦᠢ ᠬᠤᠪᠴᠠᠰᠦ ᠵᠠᠰᠠᠯ ᠪᠠ ᠠᠯᠢ ᠤᠯᠠᠨ ᠡᠳ᠋ᠯᠡᠯ ᠬᠡᠷᠡᠭᠰᠡᠯ ᠤᠨ ᠲᠤᠬᠠᠢ ᠳᠡᠯᠭᠡᠨ ᠦᠵᠡᠭᠦᠯᠬᠦ ᠴᠢᠬᠤᠯᠠ ᠲᠠᠪᠴᠠᠩ ᠪᠤᠯᠬᠤ ᠶᠤᠮ᠃     7 ᠰᠠᠷ᠎ᠠ ᠶᠢᠨ 17 ᠤ ᠡᠳᠦᠷ᠂ ᠰᠤᠷᠪᠤᠯᠵᠢᠯᠠᠬᠴᠢ 2024 ᠤᠨ ᠤ ᠬᠢᠨᠭ᠍ᠭᠠᠨ ᠠᠶᠢᠮᠠᠭ ᠤᠨ ᠨᠠᠭᠠᠳᠦᠮ ᠤᠨ ᠤᠯᠠᠷᠢᠯ ᠤᠨ ᠰᠢᠷᠢᠰ ᠠᠵᠢᠯᠯᠠᠭ᠎ᠠ ᠶᠢ ᠰᠤᠷᠪᠤᠯᠵᠢᠯᠡᠵᠦ ᠶᠠᠪᠤᠬᠤ ᠳᠠᠭᠠᠨ ᠦᠨᠳᠦᠰᠦᠲᠡᠨ ᠤ ᠤᠨᠴᠠᠯᠢᠭ ᠲᠠᠢ ᠬᠤᠪᠴᠠᠰᠦ ᠵᠠᠰᠠᠯ᠂ ᠭᠠᠷ ᠤᠷᠠᠯᠠᠯ᠂ ᠠᠷᠠᠰᠦᠨ ᠡᠳ᠋ᠯᠡᠯ᠂ ᠢᠰᠡᠭᠡᠢ ᠤᠷᠠᠯᠠᠯ ᠪᠠ ᠠᠯᠢ ᠤᠯᠠᠨ ᠦᠨᠳᠦᠰᠦᠲᠡᠨ ᠤ ᠤᠨᠴᠠᠯᠢᠭ ᠪᠦᠬᠦᠢ ᠡᠳ᠋ᠯᠡᠯ ᠬᠡᠷᠡᠭᠰᠡᠯ ᠢ ᠳᠡᠯᠭᠡᠨ ᠪᠤᠷᠤᠯᠠᠭᠤᠯᠵᠤ ᠪᠠᠶᠢᠬᠰᠠᠨ ᠮᠸᠡᠭ ᠵᠧᠨ ᠠᠷᠠᠯᠵᠢᠶ᠎ᠠ ᠬᠤᠳᠠᠯᠳᠤᠭ᠎ᠠ ᠶᠢᠨ ᠺᠤᠮᠫᠠᠨᠢ ᠶᠢ ᠰᠤᠷᠪᠤᠯᠵᠢᠯᠠᠬᠰᠠᠨ ᠪᠠᠶᠢᠨ᠎ᠠ᠃     ᠮᠸᠡᠭ  ᠵᠧᠨ ᠠᠷᠠᠯᠵᠢᠶ᠎ᠠ ᠬᠤᠳᠠᠯᠳᠤᠭ᠎ᠠ ᠶᠢᠨ ᠺᠤᠮᠫᠠᠨᠢ ᠪᠤᠯ ᠬᠦᠬᠡᠬᠤᠲᠠ ᠳᠤ ᠴᠤᠯ ᠦᠨᠳᠦᠰᠦᠲᠡᠨ ᠤ ᠤᠨᠴᠠᠯᠢᠭ ᠪᠦᠬᠦᠢ ᠬᠤᠳᠠᠯᠳᠤᠭ᠎ᠠ ᠡᠷᠬᠢᠯᠡᠵᠤ ᠪᠠᠶᠢᠭ᠎ᠠ ᠦᠪᠡᠷᠮᠢᠴᠡ ᠤᠨᠴᠠᠯᠢᠭ ᠲᠠᠢ ᠰᠤᠶᠤᠯ ᠢᠷᠭᠡᠨᠰᠢᠯ ᠢᠶᠠᠨ ᠦᠷᠭᠡᠨ ᠢᠶᠠᠷ ᠤᠬᠠᠭᠤᠯᠵᠦ ᠶᠠᠪᠤᠵᠦ ᠪᠠᠶᠢᠭ᠎ᠠ ᠺᠤᠮᠫᠠᠨᠢ ᠪᠤᠯᠦᠨ᠎ᠠ᠃ ᠳᠡᠯᠭᠡᠨ ᠪᠤᠷᠤᠯᠠᠭᠤᠯᠬᠤ ᠲᠠᠯᠠᠪᠤᠷ ᠲᠤ ᠲᠤᠰ ᠺᠤᠮᠫᠠᠨᠢ ᠭᠤᠤᠯᠳᠠᠭᠤ ᠦᠨᠳᠦᠰᠦᠲᠡᠨ ᠤ ᠤᠨᠴᠠᠯᠢᠭᠲᠦ ᠢᠰᠡᠭᠡᠢ ᠤᠷᠠᠯᠠᠯ᠂ ᠬᠤᠪᠴᠠᠰᠦ ᠵᠠᠰᠠᠯ᠂ ᠮᠠᠯᠠᠭᠠᠢ᠂ ᠬᠤᠨᠳᠠᠭ᠎ᠠ᠂ ᠪᠦᠭᠡᠵᠢ ᠵᠡᠷᠭᠡ ᠠᠯᠢ ᠤᠯᠠᠨ ᠪᠠᠷᠠᠭ᠎ᠠ ᠲᠠᠸᠠᠷ ᠢ ᠳᠡᠯᠭᠡᠨ ᠪᠤᠷᠤᠯᠠᠭᠤᠯᠵᠤ᠂ ᠰᠢᠯᠢᠳᠡᠭ ᠰᠠᠶᠢᠬᠠᠨ ᠪᠠᠷᠠᠭ᠎ᠠ ᠲᠠᠸᠠᠷ ᠢᠶᠠᠨ ᠲᠤᠰ ᠤᠳᠠᠭᠠᠨ ᠤ ᠳᠡᠯᠭᠡᠨ ᠪᠤᠷᠤᠯᠠᠭᠤᠯᠭ᠎ᠠ ᠳᠤ ᠠᠪᠴᠢᠷᠠᠵᠤ᠂ ᠲᠤᠬᠠᠢ ᠶᠢᠨ ᠲᠠᠯᠠᠪᠦᠷ ᠲᠤ ᠪᠤᠷᠤᠯᠠᠭᠤᠯᠭ᠎ᠠ ᠬᠢᠭᠰᠡᠨ ᠪᠦᠭᠡᠳ ᠰᠦᠯᠵᠢᠶᠠᠨ ᠲᠠᠪᠴᠠᠩ ᠢ ᠠᠰᠢᠬᠯᠡᠨ ᠪᠦᠬᠦ ᠤᠯᠤᠰ ᠤᠨ ᠡᠯ᠎ᠠ ᠭᠠᠵᠠᠷ ᠲᠤ ᠪᠤᠷᠤᠯᠠᠭᠤᠯᠭ᠎ᠠ ᠬᠢᠭᠰᠡᠨ ᠪᠠᠶᠢᠨ᠎ᠠ᠃ ᠲᠤᠰ ᠺᠤᠮᠫᠠᠨᠢ ᠶᠢᠨ ᠪᠠᠷᠠᠭ᠎ᠠ ᠲᠡᠸᠠᠷ ᠨᠢ ᠦᠨᠳᠦᠰᠦᠲᠡᠨ ᠤ ᠤᠨᠴᠠᠯᠢᠭ ᠲᠠᠢ ᠪᠤᠯᠬᠤᠷ ᠳᠡᠯᠭᠡᠨ ᠪᠤᠷᠤᠯᠠᠭᠤᠯᠬᠤ ᠴᠤᠬᠯᠠᠭᠠᠨ ᠤ ᠨᠢᠭᠡᠨ ᠬᠢᠯᠡᠰ ᠴᠡᠭ ᠪᠤᠯᠵᠦ᠂ ᠲᠡᠮᠡᠢ ᠤᠳᠠᠯ ᠦᠭᠡᠢ ᠮᠠᠰᠢ ᠤᠯᠠᠨ ᠬᠦᠮᠦᠨ ᠤ ᠠᠩᠬᠠᠷᠦᠯ ᠢ ᠳᠠᠲᠠᠵᠦ᠂ ᠦᠪᠡᠷ ᠦᠪᠡᠷ ᠤᠨ ᠲᠤᠷ᠎ᠠ ᠪᠠᠬ᠎ᠠ ᠲᠠᠢ ᠪᠠᠷᠠᠭ᠎ᠠ ᠡᠳ᠋ᠯᠡᠯ ᠢᠶᠠᠨ ᠨᠠᠷᠢᠨ ᠨᠢᠮᠪᠠᠢ ᠰᠤᠩᠭᠤᠵᠦ᠂ ᠭᠠᠷ ᠤᠷᠠᠯᠠᠯ ᠢ ᠰᠤᠨᠢᠷᠬᠠᠨ᠎ᠠ᠃     ︽ᠪᠢᠳᠡ ᠤᠯᠠᠩᠬᠢ ᠳᠠᠭᠠᠨ ᠡᠯ᠎ᠠ ᠭᠠᠵᠠᠷ ᠢᠶᠠᠷ ᠶᠠᠪᠤᠵᠦ ᠦᠪᠡᠷ ᠤᠨ ᠪᠠᠷᠠᠭ᠎ᠠ ᠲᠠᠸᠠᠷ ᠢᠶᠠᠨ ᠳᠡᠯᠭᠡᠨ ᠪᠤᠷᠤᠯᠠᠭᠤᠯᠵᠦ ᠪᠠᠶᠢᠨ᠎ᠠ᠂ ᠡᠬᠦᠨ ᠢᠶᠠᠷ ᠳᠠᠮᠵᠢᠨ ᠪᠤᠰᠤᠤᠨ ᠭᠠᠵᠠᠷ ᠤᠨ ᠬᠦᠮᠦᠰ ᠤᠨ ᠬᠡᠷᠡᠭᠴᠡᠭᠡ ᠶᠢ ᠬᠠᠨᠭ᠍ᠭᠠᠬᠤ ᠮᠦᠷᠲᠡᠭᠡᠨ ᠦᠨᠳᠦᠰᠦᠲᠡᠨ ᠤ ᠤᠨᠴᠠᠯᠢᠭ ᠲᠠᠢ ᠪᠠᠷᠠᠭ᠎ᠠ ᠲᠠᠸᠠᠷ ᠢᠶᠠᠨ ᠨᠡᠩ ᠤᠯᠠᠨ ᠬᠦᠮᠤᠨ ᠳᠤ ᠲᠠᠨᠢᠭᠤᠯᠵᠤ᠂ ᠡᠬᠦᠨ ᠠᠴᠠ ᠭᠠᠳᠠᠨ᠎ᠠ ᠪᠠᠰᠠ ᠰᠦᠯᠵᠢᠶᠠᠨ ᠳᠡᠭᠡᠷ᠎ᠠ ᠪᠤᠷᠤᠯᠠᠭᠤᠯᠵᠦ ᠨᠡᠩ ᠤᠯᠠᠨ ᠬᠦᠮᠦᠨ ᠤ ᠠᠩᠬᠠᠷᠦᠯ ᠢ ᠲᠡᠳᠡᠵᠦ ᠲᠡᠶᠢᠯᠬᠦ ᠪᠦᠭᠡᠳ ᠵᠠᠬ᠎ᠠ ᠳᠡᠯᠭᠡᠭᠦᠷ ᠤᠨ ᠪᠠᠶᠢᠳᠠᠯ ᠢ ᠴᠤ ᠤᠶᠢᠯᠠᠭᠠᠵᠦ ᠴᠢᠳᠠᠬᠤ ᠪᠤᠯᠦᠨ᠎ᠠ᠃ ᠰᠦᠯᠵᠢᠶᠠᠨ ᠳᠡᠭᠡᠷ᠎ᠠ ᠪᠤᠷᠤᠯᠠᠭᠤᠯᠬᠤ ᠨᠢ ᠬᠠᠶᠠ ᠵᠠᠷᠢᠮ ᠳᠠᠭᠠᠨ ᠬᠡᠲᠦᠨ ᠡᠳᠦᠷ ᠤᠨ ᠳᠤᠳᠤᠷ᠎ᠠ ᠲᠦᠮᠨ ᠭᠠᠷᠦᠢ ᠲᠦᠭᠦᠷᠢᠭ ᠤᠨ ᠪᠠᠷᠠᠭ᠎ᠠ ᠬᠤᠳᠠᠯᠳᠤᠵᠦ ᠳᠡᠶᠢᠯᠦᠨ᠎ᠠ︾ ᠭᠡᠵᠦ ᠺᠤᠮᠫᠠᠨᠢ ᠶᠢᠨ ᠠᠵᠢᠯᠳᠠᠨ ᠳᠤᠶᠠᠭ᠎ᠠ ᠦᠪᠡᠷ ᠤᠨ ᠬᠤᠳᠠᠯᠳᠤᠭᠠᠨ ᠤ ᠪᠠᠶᠢᠳᠠᠯ ᠢᠶᠠᠨ ᠳᠠᠨᠢᠯᠴᠠᠭᠤᠯᠵᠦ ᠪᠠᠶᠢᠯ᠎ᠠ᠃     ᠲᠤᠰ ᠤᠳᠠᠭᠠᠨ ᠤ ᠨᠠᠭᠠᠳᠦᠮ ᠤᠨ ᠤᠯᠠᠷᠢᠯ ᠤᠨ ᠰᠢᠷᠢᠰ ᠠᠵᠢᠯᠯᠠᠭᠠᠨ ᠪᠤᠯᠤᠬᠰᠠᠨ ᠳᠡᠯᠭᠡᠨ ᠪᠤᠷᠤᠯᠠᠭᠤᠯᠬᠤ ᠴᠤᠬᠯᠠᠭᠠᠨ ᠨᠢ ᠪᠦᠬᠦ ᠠᠶᠢᠮᠠᠭ ᠤᠨ ᠰᠤᠶᠤᠯ ᠵᠢᠭᠤᠯᠴᠢᠯᠡᠯ ᠤᠨ ᠠᠭᠤᠰᠤᠯᠴᠠᠯ ᠢ ᠲᠦᠯᠬᠢᠨ ᠠᠬᠢᠭᠤᠯᠤᠬᠰᠠᠨ ᠪᠦᠭᠡᠳ ᠡᠯ᠎ᠠ ᠦᠨᠳᠦᠰᠦᠲᠡᠨ ᠤ ᠬᠤᠭᠤᠷᠤᠨᠳᠤᠬᠢ ᠰᠤᠶᠤᠯ ᠤᠨ ᠶᠠᠪᠤᠯᠴᠠᠭ᠎ᠠ ᠶᠢ ᠤᠯᠠᠮ ᠢᠯᠡᠭᠦᠦ ᠴᠢᠩᠭᠠᠳᠬᠠᠵᠦ᠂ ᠦᠨᠳᠦᠰᠦᠲᠡᠨ ᠤ ᠤᠯᠠᠮᠵᠢᠯᠠᠯᠲᠦ ᠰᠤᠶᠤᠯ ᠤᠨ ᠬᠦᠭᠵᠢᠯᠲᠠ ᠶᠢ ᠠᠬᠢᠭᠤᠯᠬᠤ ᠳᠤ ᠢᠳᠡᠪᠬᠢ ᠤᠶᠢᠯᠡᠳᠦᠯ ᠦᠵᠡᠭᠦᠯᠵᠠᠢ᠃                             · ᠯᠢᠶᠠᠨ ᠪᠤᠤ ·
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号