ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 92 ᠳ᠋ᠤᠭᠠᠷ ᠤᠳᠠᠭᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/24
   7 ᠰᠠᠷ᠎ᠠ ᠶᠢᠨ 22 ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 92 ᠳ᠋ᠤᠭᠠᠷ ᠤᠳᠠᠭᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠵᠢᠶ ᠫᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃  ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠡᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠂ 7 ᠰᠠᠷ᠎ᠠ ᠶᠢᠨ 19 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠵᠢᠴᠢ ᠠᠷᠠᠳ ᠤᠨ ᠡᠳᠦᠷ ᠤᠨ ᠰᠣᠨᠢᠨ ᠤ ᠬᠤᠷᠢᠶᠡᠨ ᠤ ᠦᠭᠦᠯᠡᠯ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠳᠦᠷᠢᠮ ᠤᠨ ᠪᠠᠲᠤᠯᠠᠭ᠎ᠠ︾ ᠶᠢ ᠤᠯᠠᠮᠵᠢᠯᠠᠨ ᠰᠤᠷᠤᠯᠴᠠᠵᠤ᠂ ᠪᠥᠬᠦ ᠬᠤᠲᠠ ᠶᠢᠨ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠡᠯᠡᠳᠬᠡᠯ ᠬᠦᠴᠦᠨ ᠢ ᠪᠤᠶᠢᠵᠢᠭᠤᠯᠤᠨ ᠨᠥᠭᠡᠴᠡᠯᠡᠬᠦ ᠬᠤᠶᠠᠷ ᠵᠢᠯ ᠤᠨ ᠲᠥᠯᠥᠪᠯᠡᠭᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃        ᠬᠤᠷᠠᠯ ᠠᠴᠠ᠂ ᠪᠦᠬᠦ ᠬᠤᠳᠠ ᠶᠢᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠡᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠣᠨᠣᠪᠴᠢᠲᠠᠢ ᠡᠵᠡᠮᠳᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠦᠬᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠪᠦᠬᠦ ᠬᠤᠳᠠ ᠶᠢᠨ ᠡᠯ᠎ᠡ ᠵᠦᠢᠯ ᠤᠨ ᠦᠢᠯᠡᠰ ᠤᠨ ᠰᠢᠨ᠎ᠡ ᠪᠠᠶᠢᠳᠠᠯ ᠢ ᠡᠭᠦᠳᠴᠦ᠂ ᠲᠠᠬᠢᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃   ᠬᠤᠷᠠᠯ ᠠᠴᠠ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠡᠯᠡᠳᠬᠡᠯ ᠬᠦᠴᠦᠨ ᠢ ᠪᠤᠢ ᠪᠤᠯᠭᠠᠨ ᠨᠥᠭᠡᠴᠡᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠯᠢᠨ ᠳᠡᠪᠰᠢᠭᠦᠯᠵᠦ ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠯᠦᠩᠭᠦᠶ ᠪᠠᠷ ᠨᠥᠭᠡᠴᠡᠯᠡᠬᠦ ᠬᠠᠮᠢᠶᠠᠷᠤᠯᠲᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠ ᠰᠢᠯᠭᠠᠷᠠᠭᠰᠠᠨ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠤ ᠴᠢᠬᠤᠯᠠᠴᠢᠯᠠᠵᠠᠢ᠃
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号