ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠦᠶᠡᠷ ᠢ ᠰᠡᠷᠭᠡᠶᠢᠯᠡᠬᠦ ᠠᠵᠢᠯ ᠢ  ᠰᠠᠶᠢᠳᠤᠷ ᠬᠢᠵᠤ ᠪᠤᠢ
ᠨᠡᠶᠢᠲᠡᠯᠡᠭᠰᠡᠨ ᠴᠠᠭ᠄
2024/7/24
  ᠣᠶᠢᠷ᠎ᠠ ᠶᠢᠨ ᠬᠤᠭᠤᠴᠠᠭᠠᠨ ᠳᠤ᠂ ᠪᠣᠷᠣᠭᠠᠨ ᠤ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠦᠶᠡᠷ ᠢ ᠰᠡᠷᠭᠡᠶᠢᠯᠡᠬᠦ ᠠᠵᠢᠯ ᠢ ᠴᠤ ᠲᠡᠭᠡᠳᠤ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠳᠡᠢ ᠪᠤᠯᠵᠠᠢ᠃ ᠥᠷᠭᠡᠨ ᠣᠯᠠᠨ ᠬᠤᠲᠠ ᠶᠢᠨ ᠠᠷᠠᠳ ᠪᠣᠯᠤᠨ ᠵᠢᠭᠤᠯᠴᠢᠯᠠᠭᠰᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠲᠠᠷᠤᠶᠢᠬᠠᠨ ᠬᠥᠳᠡᠯᠦᠯᠴᠡᠵᠦ᠂ ᠦᠶᠡᠷ ᠢ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠪᠡ᠃       ᠨᠢᠭᠡ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠤᠷᠢᠳᠴᠢᠯᠠᠨ ᠪᠠᠶᠢᠷᠢᠯᠠᠭᠤᠯᠪᠠ       ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠲᠡᠷᠡ ᠲᠠᠷᠤᠶᠢᠬᠠᠨ ᠦᠶᠡᠷ ᠢ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ ᠦᠶᠡᠷ ᠢ ᠰᠡᠷᠭᠡᠶᠢᠯᠡᠬᠦ ᠠᠵᠢᠯ ᠤᠨ ᠲᠤᠬᠠᠶ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠦᠶᠡᠷ ᠢ ᠰᠡᠷᠭᠡᠶᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠦᠶᠡᠷ ᠢ ᠰᠡᠷᠭᠡᠶᠢᠯᠡᠬᠦ ᠠᠵᠢᠯ ᠤᠨ ᠨᠠᠷᠢᠨ ᠲᠣᠳᠣᠷᠬᠠᠶ ᠲᠥᠰᠦᠯ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠦᠶᠡᠷ ᠢ ᠰᠡᠷᠭᠡᠶᠢᠯᠡᠬᠦ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠦᠨᠡᠨ ᠬᠦ ᠪᠠᠲᠤᠯᠠᠵᠤ ᠪᠤᠢ᠃       ᠬᠤᠶᠠᠷ᠂ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠳᠠᠯᠳᠠ ᠭᠡᠮ ᠢ ᠠᠷᠢᠯᠭᠠᠪᠠ       ᠠᠵᠢᠯᠲᠠᠨ ᠢ ᠵᠣᠬᠢᠶᠠᠨ ᠪᠠᠶᠢᠭᠤᠯᠤᠨ ᠪᠥᠬᠦ ᠬᠤᠲᠠ ᠶᠢᠨ ᠬᠡᠪᠴᠢᠶᠡᠨ ᠳᠠᠬᠢ ᠵᠢᠭᠤᠯᠴᠢᠯᠠᠯ ᠤᠨ ᠦᠵᠡᠮᠵᠢ ᠶᠢᠨ ᠣᠷᠣᠨ ᠤ ᠭᠤᠤᠯᠳᠠᠯᠭ᠎ᠠ ᠲᠠᠢ ᠲᠠᠯᠠᠪᠤᠷ ᠭᠠᠵᠠᠷ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠤᠰᠤ ᠭᠠᠳᠠᠭᠰᠢᠯᠠᠭᠤᠯᠬᠤ ᠰᠢᠰᠲ᠋ᠧᠮ᠂ ᠦᠶᠡᠷ ᠢ ᠰᠡᠷᠭᠡᠶᠢᠯᠡᠬᠦ ᠪᠡᠯᠡᠳᠬᠡᠮᠵᠢ ᠲᠥᠬᠦᠭᠡᠷᠦᠮᠵᠢ᠂ ᠪᠠᠴᠢᠮ ᠪᠠᠶᠢᠳᠠᠯ ᠢ ᠠᠷᠭᠠᠴᠠᠭᠠᠬᠤ ᠵᠠᠮ ᠵᠡᠷᠭᠡ ᠲᠠᠯ᠎ᠠ ᠶᠢᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠦᠶᠡᠷ ᠢ ᠰᠡᠷᠭᠡᠶᠢᠯᠡᠬᠦ ᠪᠡᠯᠡᠳᠬᠡᠮᠵᠢ ᠲᠥᠬᠦᠭᠡᠷᠦᠮᠵᠢ ᠶᠢᠨ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠵᠠᠮ ᠤᠨ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠵᠤ ᠪᠤᠢ᠃       ᠭᠤᠷᠪᠠ᠂ ᠤᠬᠠᠭᠤᠯᠭ᠎ᠠ ᠪᠠᠨ ᠴᠢᠩᠭᠠᠳᠬᠠᠵᠤ ᠦᠵᠡᠯ ᠤᠬᠠᠮᠰᠠᠷ ᠢᠶᠠᠨ ᠳᠡᠭᠡᠭᠰᠢᠯᠡᠭᠦᠯᠪᠠ       ᠲᠤᠬᠠᠶ ᠶᠢᠨ ᠭᠠᠵᠠᠷ ᠲᠤᠨᠢ ᠦᠵᠡᠮᠵᠢ ᠶᠢᠨ ᠣᠷᠣᠨ ᠳᠤ ᠬᠦᠷᠴᠦ ᠤᠬᠠᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠬᠤᠯᠪᠤᠭ᠎ᠠ ᠶᠢᠨ ᠳᠣᠲᠣᠷ᠎ᠠ ᠦᠶᠡᠷ ᠢ ᠰᠡᠷᠭᠡᠶᠢᠯᠡᠬᠦ ᠰᠡᠷᠡᠮᠵᠢᠯᠡᠭᠦᠯᠬᠦ ᠮᠡᠳᠡᠭᠡ ᠵᠠᠩᠭᠢ ᠪᠠ ᠠᠮᠤᠷ ᠲᠦᠪᠰᠢᠨ ᠤ ᠰᠠᠨᠠᠭᠤᠯᠤᠮᠵᠢ ᠶᠢ ᠴᠠᠭ ᠲᠤᠬᠠᠶ ᠳᠤᠨᠢ ᠨᠡᠶᠢᠲᠡᠯᠡᠵᠦ᠂ ᠵᠢᠭᠤᠯᠴᠢᠯᠠᠯ ᠤᠨ ᠠᠵᠤ ᠠᠬᠤᠶᠢᠯᠠᠯ ᠳᠤ ᠦᠶᠡᠷ ᠢ ᠰᠡᠷᠭᠡᠶᠢᠯᠡᠬᠦ ᠮᠡᠳᠡᠯᠭᠡ ᠪᠠ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ ᠠᠷᠭ᠎ᠠ ᠶᠢ ᠲᠦᠭᠡᠮᠡᠯᠵᠢᠭᠦᠯᠵᠦ᠂ ᠵᠢᠭᠤᠯᠴᠢᠯᠠᠯ ᠤᠨ ᠠᠵᠤ ᠠᠬᠤᠶᠢᠯᠠᠯ ᠪᠠ ᠵᠢᠭᠤᠯᠴᠢᠯᠠᠭᠴᠢᠳ ᠤᠨ ᠦᠶᠡᠷ ᠢ ᠰᠡᠷᠭᠡᠶᠢᠯᠡᠬᠦ ᠦᠵᠡᠯ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃  ᠳᠥᠷᠪᠡ᠂ ᠪᠠᠴᠢᠮ ᠪᠠᠶᠢᠳᠠᠯ ᠢ ᠠᠷᠭᠠᠴᠠᠭᠠᠵᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ ᠮᠡᠳᠡᠭᠡ ᠵᠠᠩᠭᠢ ᠶᠢᠨ  ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠪᠠ       24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠴᠠᠭ ᠠᠭᠤᠷ ᠤᠨ ᠬᠤᠪᠢᠷᠠᠯᠲᠠ ᠪᠣᠯᠤᠨ ᠦᠶᠡᠷ ᠤᠨ ᠪᠠᠶᠢᠳᠠᠯ ᠤᠨ ᠬᠥᠭᠵᠢᠯᠲᠡ ᠶᠢ ᠨᠢᠭᠲᠠ ᠠᠩᠬᠠᠷᠴᠤ᠂ ᠦᠶᠡᠷ ᠢ ᠰᠡᠷᠭᠡᠶᠢᠯᠡᠬᠦ ᠠᠵᠢᠯ ᠤᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠮᠡᠳᠡᠭᠡ ᠵᠠᠩᠭᠢ ᠶᠢᠨ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠪᠠ᠃ ᠦᠶᠡᠷ ᠤᠨ ᠪᠠᠶᠢᠳᠠᠯ ᠭᠠᠷᠤᠮᠠᠭᠴᠠ ᠲᠠᠷᠤᠶᠢᠬᠠᠨ ᠴᠤᠤᠷᠢᠶᠠᠲᠤᠨ ᠳᠠᠭᠠᠵᠤ᠂ ᠴᠠᠭ ᠲᠤᠬᠠᠢ ᠳᠤᠨᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠰᠢᠢᠳᠪᠦᠷᠢᠯᠡᠨ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠠᠢ
 
ᠢᠷᠡᠯᠲᠡ᠄ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号