| ᠣᠶᠢᠷ᠎ᠠ ᠶᠢᠨ ᠬᠤᠭᠤᠴᠠᠭᠠᠨ ᠳᠤ᠂ ᠪᠣᠷᠣᠭᠠᠨ ᠤ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠦᠶᠡᠷ ᠢ | ᠰᠡᠷᠭᠡᠶᠢᠯᠡᠬᠦ ᠠᠵᠢᠯ ᠢ ᠴᠤ ᠲᠡᠭᠡᠳᠤ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠳᠡᠢ ᠪᠤᠯᠵᠠᠢ᠃ ᠥᠷᠭᠡᠨ ᠣᠯᠠᠨ | ᠬᠤᠲᠠ ᠶᠢᠨ ᠠᠷᠠᠳ ᠪᠣᠯᠤᠨ ᠵᠢᠭᠤᠯᠴᠢᠯᠠᠭᠰᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠪᠠᠲᠤᠯᠠᠬᠤ ᠶᠢᠨ ᠲᠥᠯᠥᠭᠡ᠂ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ | ᠲᠠᠷᠤᠶᠢᠬᠠᠨ ᠬᠥᠳᠡᠯᠦᠯᠴᠡᠵᠦ᠂ ᠦᠶᠡᠷ ᠢ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠪᠡ᠃ | ᠨᠢᠭᠡ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠤᠷᠢᠳᠴᠢᠯᠠᠨ ᠪᠠᠶᠢᠷᠢᠯᠠᠭᠤᠯᠪᠠ | ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠲᠡᠷᠡ ᠲᠠᠷᠤᠶᠢᠬᠠᠨ ᠦᠶᠡᠷ ᠢ | ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ ᠦᠶᠡᠷ ᠢ ᠰᠡᠷᠭᠡᠶᠢᠯᠡᠬᠦ ᠠᠵᠢᠯ ᠤᠨ ᠲᠤᠬᠠᠶ | ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠦᠶᠡᠷ ᠢ ᠰᠡᠷᠭᠡᠶᠢᠯᠡᠬᠦ ᠠᠵᠢᠯ ᠤᠨ ᠤᠳᠤᠷᠢᠳᠬᠤ ᠳᠤᠭᠤᠶᠢᠯᠠᠩ | ᠪᠠᠶᠢᠭᠤᠯᠵᠤ᠂ ᠦᠶᠡᠷ ᠢ ᠰᠡᠷᠭᠡᠶᠢᠯᠡᠬᠦ ᠠᠵᠢᠯ ᠤᠨ ᠨᠠᠷᠢᠨ ᠲᠣᠳᠣᠷᠬᠠᠶ ᠲᠥᠰᠦᠯ ᠪᠠ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ | ᠲᠣᠳᠣᠷᠬᠠᠶᠢᠯᠠᠵᠤ᠂ ᠦᠶᠡᠷ ᠢ ᠰᠡᠷᠭᠡᠶᠢᠯᠡᠬᠦ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠦᠨᠡᠨ ᠬᠦ ᠪᠠᠲᠤᠯᠠᠵᠤ ᠪᠤᠢ᠃ | | | ᠬᠤᠶᠠᠷ᠂ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠳᠠᠯᠳᠠ ᠭᠡᠮ ᠢ ᠠᠷᠢᠯᠭᠠᠪᠠ | ᠠᠵᠢᠯᠲᠠᠨ ᠢ ᠵᠣᠬᠢᠶᠠᠨ ᠪᠠᠶᠢᠭᠤᠯᠤᠨ ᠪᠥᠬᠦ ᠬᠤᠲᠠ ᠶᠢᠨ ᠬᠡᠪᠴᠢᠶᠡᠨ ᠳᠠᠬᠢ ᠵᠢᠭᠤᠯᠴᠢᠯᠠᠯ ᠤᠨ ᠦᠵᠡᠮᠵᠢ ᠶᠢᠨ | ᠣᠷᠣᠨ ᠤ ᠭᠤᠤᠯᠳᠠᠯᠭ᠎ᠠ ᠲᠠᠢ ᠲᠠᠯᠠᠪᠤᠷ ᠭᠠᠵᠠᠷ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠤᠰᠤ | ᠭᠠᠳᠠᠭᠰᠢᠯᠠᠭᠤᠯᠬᠤ ᠰᠢᠰᠲ᠋ᠧᠮ᠂ ᠦᠶᠡᠷ ᠢ ᠰᠡᠷᠭᠡᠶᠢᠯᠡᠬᠦ ᠪᠡᠯᠡᠳᠬᠡᠮᠵᠢ ᠲᠥᠬᠦᠭᠡᠷᠦᠮᠵᠢ᠂ ᠪᠠᠴᠢᠮ ᠪᠠᠶᠢᠳᠠᠯ ᠢ | ᠠᠷᠭᠠᠴᠠᠭᠠᠬᠤ ᠵᠠᠮ ᠵᠡᠷᠭᠡ ᠲᠠᠯ᠎ᠠ ᠶᠢᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠣᠷᠣᠰᠢᠵᠤ ᠪᠠᠶᠢᠭ᠎ᠠ ᠠᠮᠤᠷ | ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠦᠶᠡᠷ ᠢ ᠰᠡᠷᠭᠡᠶᠢᠯᠡᠬᠦ ᠪᠡᠯᠡᠳᠬᠡᠮᠵᠢ | ᠲᠥᠬᠦᠭᠡᠷᠦᠮᠵᠢ ᠶᠢᠨ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠵᠤ᠂ ᠪᠠᠴᠢᠮ | ᠪᠠᠶᠢᠳᠠᠯ ᠢ ᠠᠷᠭᠠᠴᠠᠭᠠᠬᠤ ᠵᠠᠮ ᠤᠨ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠵᠤ ᠪᠤᠢ᠃ | ᠭᠤᠷᠪᠠ᠂ ᠤᠬᠠᠭᠤᠯᠭ᠎ᠠ ᠪᠠᠨ ᠴᠢᠩᠭᠠᠳᠬᠠᠵᠤ ᠦᠵᠡᠯ ᠤᠬᠠᠮᠰᠠᠷ ᠢᠶᠠᠨ ᠳᠡᠭᠡᠭᠰᠢᠯᠡᠭᠦᠯᠪᠠ | ᠲᠤᠬᠠᠶ ᠶᠢᠨ ᠭᠠᠵᠠᠷ ᠲᠤᠨᠢ ᠦᠵᠡᠮᠵᠢ ᠶᠢᠨ ᠣᠷᠣᠨ ᠳᠤ ᠬᠦᠷᠴᠦ ᠤᠬᠠᠭᠤᠯᠬᠤ ᠪᠠᠷ ᠳᠠᠮᠵᠢᠭᠤᠯᠤᠨ᠂ ᠠᠵᠤ | ᠠᠬᠤᠶᠢᠯᠠᠯ ᠤᠨ ᠬᠤᠯᠪᠤᠭ᠎ᠠ ᠶᠢᠨ ᠳᠣᠲᠣᠷ᠎ᠠ ᠦᠶᠡᠷ ᠢ ᠰᠡᠷᠭᠡᠶᠢᠯᠡᠬᠦ ᠰᠡᠷᠡᠮᠵᠢᠯᠡᠭᠦᠯᠬᠦ ᠮᠡᠳᠡᠭᠡ ᠵᠠᠩᠭᠢ ᠪᠠ ᠠᠮᠤᠷ | ᠲᠦᠪᠰᠢᠨ ᠤ ᠰᠠᠨᠠᠭᠤᠯᠤᠮᠵᠢ ᠶᠢ ᠴᠠᠭ ᠲᠤᠬᠠᠶ ᠳᠤᠨᠢ ᠨᠡᠶᠢᠲᠡᠯᠡᠵᠦ᠂ ᠵᠢᠭᠤᠯᠴᠢᠯᠠᠯ ᠤᠨ ᠠᠵᠤ ᠠᠬᠤᠶᠢᠯᠠᠯ ᠳᠤ | ᠦᠶᠡᠷ ᠢ ᠰᠡᠷᠭᠡᠶᠢᠯᠡᠬᠦ ᠮᠡᠳᠡᠯᠭᠡ ᠪᠠ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ ᠠᠷᠭ᠎ᠠ ᠶᠢ | ᠲᠦᠭᠡᠮᠡᠯᠵᠢᠭᠦᠯᠵᠦ᠂ ᠵᠢᠭᠤᠯᠴᠢᠯᠠᠯ ᠤᠨ ᠠᠵᠤ ᠠᠬᠤᠶᠢᠯᠠᠯ ᠪᠠ ᠵᠢᠭᠤᠯᠴᠢᠯᠠᠭᠴᠢᠳ ᠤᠨ ᠦᠶᠡᠷ ᠢ ᠰᠡᠷᠭᠡᠶᠢᠯᠡᠬᠦ ᠦᠵᠡᠯ | ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠳᠥᠷᠪᠡ᠂ ᠪᠠᠴᠢᠮ ᠪᠠᠶᠢᠳᠠᠯ ᠢ ᠠᠷᠭᠠᠴᠠᠭᠠᠵᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ ᠮᠡᠳᠡᠭᠡ ᠵᠠᠩᠭᠢ ᠶᠢᠨ | ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠪᠠ | 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠴᠠᠭ ᠠᠭᠤᠷ ᠤᠨ ᠬᠤᠪᠢᠷᠠᠯᠲᠠ ᠪᠣᠯᠤᠨ | ᠦᠶᠡᠷ ᠤᠨ ᠪᠠᠶᠢᠳᠠᠯ ᠤᠨ ᠬᠥᠭᠵᠢᠯᠲᠡ ᠶᠢ ᠨᠢᠭᠲᠠ ᠠᠩᠬᠠᠷᠴᠤ᠂ ᠦᠶᠡᠷ ᠢ ᠰᠡᠷᠭᠡᠶᠢᠯᠡᠬᠦ ᠠᠵᠢᠯ ᠤᠨ ᠪᠠᠶᠢᠳᠠᠯ ᠢ ᠴᠠᠭ | ᠲᠤᠬᠠᠶ ᠳᠤᠨᠢ ᠡᠵᠡᠮᠰᠢᠵᠦ᠂ ᠮᠡᠳᠡᠭᠡ ᠵᠠᠩᠭᠢ ᠶᠢᠨ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠪᠠ᠃ | ᠦᠶᠡᠷ ᠤᠨ ᠪᠠᠶᠢᠳᠠᠯ ᠭᠠᠷᠤᠮᠠᠭᠴᠠ ᠲᠠᠷᠤᠶᠢᠬᠠᠨ ᠴᠤᠤᠷᠢᠶᠠᠲᠤᠨ ᠳᠠᠭᠠᠵᠤ᠂ ᠴᠠᠭ ᠲᠤᠬᠠᠢ ᠳᠤᠨᠢ ᠪᠦᠲᠦᠮᠵᠢᠲᠡᠢ | ᠠᠷᠭ᠎ᠠ ᠬᠡᠮᠵᠢᠶ᠎ᠡ ᠠᠪᠴᠤ ᠰᠢᠢᠳᠪᠦᠷᠢᠯᠡᠨ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠠᠢ | ᠃ |