ᠬᠦᠳᠡᠭᠡ ᠲᠤᠰᠬᠤᠨ ᠤ ᠭᠤᠶᠤ ᠦᠵᠡᠮᠵᠢ ᠪᠠᠷ ᠵᠤᠭᠠᠴᠠᠭᠴᠢ ᠨᠠᠷ ᠤᠨ ᠠᠩᠬᠠᠷᠤᠯ ᠢ ᠲᠠᠳᠠᠵᠤ ᠪᠤᠢ
ᠨᠡᠶᠢᠲᠡᠯᠡᠭᠰᠡᠨ ᠴᠠᠭ᠄
2024/7/24
   ᠵᠤᠨ ᠤ ᠲᠡᠯᠭᠡᠷ ᠰᠠᠶᠢᠬᠠᠨ ᠤᠯᠠᠷᠢᠯ ᠪᠤᠯᠬᠤ ᠳᠤ᠂ ᠤᠯᠠᠭᠠᠨᠬᠤᠲᠠ ᠶᠢᠨ ᠬᠥᠳᠡᠭᠡ ᠲᠣᠰᠬᠤᠨ ᠤ ᠵᠢᠭᠤᠯᠴᠢᠯᠠᠯ ᠴᠤ  ᠦᠷᠬᠦᠯᠵᠢᠯᠡᠨ ᠬᠦᠭᠵᠢᠶᠠᠨᠳᠠᠢ ᠪᠤᠯᠵᠤ᠂ ᠴᠥᠭᠡᠨ ᠪᠤᠰᠤ ᠬᠤᠲᠠ ᠶᠢᠨ ᠠᠷᠠᠳ᠂ ᠵᠢᠭᠤᠯᠴᠢᠯᠠᠭᠰᠠᠳ ᠡᠷᠬᠢᠨ ᠲᠣᠭᠤᠷᠢᠨ ᠤ ᠬᠦᠳᠡᠭᠡ ᠲᠤᠰᠬᠤᠨ ᠳᠤ ᠬᠦᠷᠴᠤ ᠪᠠᠶᠢᠭᠠᠯᠢ ᠶᠢᠨ ᠥᠩᠭᠡ ᠦᠵᠡᠮᠵᠢ ᠶᠢ ᠰᠣᠨᠢᠷᠬᠠᠨ᠂ ᠦᠪᠡᠷᠮᠢᠴᠠ ᠤᠨᠴᠠᠯᠢᠭ ᠲᠠᠢ ᠤᠷᠤᠨ ᠨᠤᠳᠤᠭ ᠤᠨ ᠵᠠᠩ ᠤᠶᠢᠯᠠ ᠶᠢ ᠮᠡᠳᠡᠷᠡᠵᠤ᠂  ᠵᠤᠨ ᠤ ᠤᠯᠠᠷᠢᠯ ᠢ ᠰᠡᠷᠢᠬᠦᠨ ᠲᠠᠭᠠᠯᠠᠮᠵᠢᠳᠠᠢ ᠪᠠᠷ ᠦᠩᠭᠡᠷᠡᠬᠦᠯᠤᠨ᠎ᠠ᠃
    ᠢᠯᠠᠯᠲᠠ ᠪᠠᠯᠭᠠᠰᠤᠨ ᠤ ᠶᠤᠸᠠᠨ ᠹᠠᠩ ᠲᠢᠩ ᠶᠤᠸᠠᠨ ᠰᠠᠭᠤᠭᠠᠯᠢ ᠠᠷᠠᠳ ᠤᠨ ᠬᠤᠨᠤᠭᠯᠠᠬᠤ ᠪᠠᠶᠢᠷᠢ ᠳᠤ᠂ ᠵᠢᠭᠤᠯᠴᠢᠯᠠᠭᠰᠠᠳ ᠬᠥᠳᠡᠭᠡ ᠲᠤᠰᠬᠤᠨ ᠢᠶᠠᠷ ᠬᠦᠷᠰᠢᠯᠡᠵᠤ᠂ ᠰᠡᠷᠢᠬᠦᠨ ᠰᠠᠯᠬᠢ ᠪᠠᠷ ᠬᠠᠨᠢᠯᠠᠵᠤ᠂ ᠪᠠᠶᠠᠷ ᠪᠠᠶᠠᠰᠬᠤᠯᠠᠩ ᠲᠠᠢ ᠬᠦᠳᠡᠭᠡ ᠲᠤᠰᠬᠤᠨ ᠤ ᠠᠮᠢᠳᠤᠷᠠᠯ ᠢ ᠪᠡᠶᠡᠴᠢᠯᠡᠨ ᠤᠶᠢᠯᠠᠭᠠᠵᠤ ᠪᠠᠶᠢᠯ᠎ᠠ᠃      ᠣᠶᠢᠷ᠎ᠠ ᠶᠢᠨ ᠡᠳᠦᠷ ᠤᠳ ᠲᠤ ᠠᠷᠠᠳ ᠤᠨ ᠤᠷᠤᠨ ᠰᠠᠭᠤᠴᠠ ᠶᠢᠨ ᠬᠡᠮᠵᠢᠶ᠎ᠡ ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ᠃ ᠭᠠᠷᠠᠭ ᠤᠨ ᠵᠢᠷᠭᠤᠭᠠᠨ ᠭᠠᠷᠠᠭ ᠤᠨ ᠡᠳᠤᠷ ᠲᠤ ᠨᠢᠭᠡ ᠡᠳᠦᠷ 70 ᠠᠴᠠ 80 ᠬᠥᠮᠥᠨ ᠢ ᠵᠣᠴᠢᠯᠠᠨ᠎ᠠ᠃ ᠠᠷᠠᠳ ᠤᠨ ᠣᠷᠣᠨ ᠰᠠᠭᠤᠴᠠ ᠶᠢᠨ ᠬᠠᠷᠢᠭᠤᠴᠠᠯᠭᠠᠲᠠᠨ ᠴᠧᠨ ᠠᠢ ᠫᠢᠩ ᠰᠤᠷᠪᠤᠯᠵᠢᠯᠠᠭᠴᠢ ᠳᠤ᠂ ᠵᠢᠭᠤᠯᠴᠢᠯᠠᠭᠰᠠᠳ ᠤᠨ ᠣᠯᠠᠩᠬᠢ ᠨᠢ ᠥᠪᠡᠷ ᠤᠨ ᠭᠡᠷ ᠤᠨ ᠬᠥᠮᠦᠰ ᠪᠠ ᠨᠠᠶᠢᠵᠠ ᠨᠠᠷ ᠲᠠᠢ ᠪᠠᠨ ᠢᠯᠠᠯᠲᠠ ᠪᠠᠯᠭᠠᠰᠤᠨ ᠳᠤ ᠬᠦᠷᠴᠦ᠂ ᠠᠳᠠᠯᠢ ᠪᠤᠰᠤ ᠰᠢᠨ᠎ᠡ ᠬᠥᠳᠡᠭᠡ ᠲᠣᠰᠬᠤᠨ ᠤ ᠠᠮᠢᠳᠤᠷᠠᠯ ᠢ ᠪᠡᠶᠡᠴᠢᠯᠡᠨ ᠣᠶᠢᠯᠠᠭᠠᠵᠤ᠂ ᠠᠳᠠᠯᠢ ᠪᠤᠰᠤ ᠵᠠᠩ ᠠᠭᠠᠯᠢ ᠶᠢᠨ ᠬᠠᠶᠢᠷ᠎ᠠ ᠰᠡᠳᠬᠢᠯᠭᠡ ᠶᠢ ᠣᠯᠵᠤ ᠮᠡᠳᠡᠭᠰᠡᠨ ᠪᠠᠶᠢᠨ᠎ᠠ ᠭᠡᠵᠡᠶ᠃
     ᠭᠡᠭᠡᠨᠰᠦ᠋ᠮ᠎ᠡ ᠪᠠᠯᠭᠠᠰᠤᠨ ᠤ ᠨᠦᠬᠦᠷᠯᠡᠯ ᠭᠠᠴᠠᠭ᠎ᠠ ᠶᠢᠨ ᠬᠡᠭᠡᠷ᠎ᠡ ᠪᠠᠭᠤᠳᠠᠯᠯᠠᠬᠤ ᠭᠠᠵᠠᠷ ᠲᠤ ᠬᠦᠷᠬᠦ ᠳᠤ᠂  ᠦᠵᠡᠰᠬᠦᠯᠡᠩᠲᠦ ᠰᠠᠶᠢᠬᠠᠨ ᠥᠩᠭᠡ ᠦᠵᠡᠮᠵᠢ ᠨᠢᠳᠤᠨ ᠡᠮᠤᠨ᠎ᠡ ᠲᠤᠳᠤᠷᠠᠨ᠎ᠠ᠂ ᠡᠷᠭᠢᠨ ᠲᠣᠭᠤᠷᠢᠨ ᠳᠤ ᠨᠢ ᠰᠡᠬᠦ᠋ᠢᠨ ᠰᠦᠨᠳᠡᠷᠯᠡᠭᠰᠡᠨ ᠮᠣᠳᠣ ᠪᠠᠶᠢᠵᠤ᠂ ᠨᠠᠷᠠᠨ ᠤ ᠭᠡᠷᠡᠯ ᠮᠤᠳᠤᠨ ᠤ ᠤᠷᠤᠢ ᠶᠢ ᠨᠡᠪᠳᠡᠯᠤᠨ ᠭᠠᠵᠠᠷ ᠲᠤ ᠲᠤᠰᠴᠤ᠂ ᠬᠢᠯᠳᠠᠭᠠᠨᠠᠮ᠎ᠠ ᠭᠡᠷᠡᠯ ᠰᠠᠴᠤᠷᠠᠭᠤᠯᠤᠨ᠎ᠠ᠃ ᠵᠥᠭᠡᠯᠡᠨ ᠰᠠᠯᠬᠢ ᠦᠯᠢᠶᠡᠬᠦ ᠳᠤ ᠂ ᠮᠣᠳᠣᠨ ᠤ ᠨᠠᠪᠴᠢ ᠶᠢᠨ ᠱᠠᠷᠴᠢᠬᠢᠨᠠᠬᠤ ᠲᠠᠭᠤᠨ ᠪᠤᠯᠤᠨ ᠭᠤᠷᠴᠢᠬᠢᠨᠠᠨ ᠤᠷᠤᠰᠬᠤ ᠤᠰᠤᠨ ᠤ ᠲᠠᠭᠤᠨ ᠨᠢ ᠡᠬᠡ ᠪᠠᠶᠢᠭᠠᠯᠢ ᠶᠢᠨ ᠢᠷᠠᠭᠤ ᠰᠠᠶᠢᠬᠠᠨ ᠬᠥᠭ ᠠᠶᠠᠰ ᠢ ᠬᠠᠩᠬᠢᠨᠠᠭᠤᠯᠤᠨ᠎ᠠ᠃ ︽ᠭᠡᠭᠡᠨᠰᠦ᠋ᠮ᠎ᠡ ᠶᠢᠨ ᠡ᠊ᠨᠳᠡ ᠬᠡᠭᠡᠷ᠎ᠡ ᠪᠠᠭᠤᠳᠠᠯᠯᠠᠵᠤ ᠪᠣᠯᠤᠨ᠎ᠠ ᠭᠡᠵᠦ ᠨᠠᠶᠢᠵᠠ ᠶᠠᠷᠢᠵᠤ ᠪᠠᠶᠢᠯ᠎ᠠ᠃ ᠡ᠊ᠨᠳᠡᠬᠢ ᠦᠵᠡᠮᠵᠢ ᠮᠠᠰᠢ ᠭᠤᠶᠤ᠂ ᠪᠠᠭᠤᠳᠠᠯᠯᠠᠬᠤ ᠭᠠᠵᠠᠷ ᠤᠨ ᠲᠥᠬᠦᠭᠡᠷᠦᠮᠵᠢ ᠴᠦ ᠮᠠᠰᠢ ᠪᠦᠷᠢᠨ ᠭᠦᠢᠴᠡᠳ᠂ ᠪᠠᠰᠠ ᠭᠠᠳᠠᠨ᠎ᠠ ᠰᠢᠷᠠᠮᠠᠯ ᠢᠳᠡᠭᠡᠨ ᠰᠢᠷᠠᠵᠤ ᠢᠳᠡᠵᠤ ᠪᠤᠯᠤᠨ᠎ᠠ᠂ ᠲᠠᠷᠠᠭᠠᠴᠢ ᠪᠠᠷ ᠨᠡᠩ ᠤᠯᠠᠨ ᠨᠠᠶᠢᠵᠠ ᠨᠠᠷ ᠲᠠᠢ ᠪᠠᠨ ᠬᠠᠮᠲᠤ ᠢᠷᠡᠨ᠎ᠡ︾ ᠭᠡᠵᠤ  ᠵᠢᠭᠤᠯᠴᠢᠯᠠᠭᠴᠢ ᠯᠢ ᠰᠢᠶᠠᠩ ᠢ ᠬᠡᠯᠡᠨ᠎ᠡ᠃  
    ᠠᠷᠠᠳ ᠤᠨ ᠬᠤᠨᠤᠭᠯᠠᠬᠤ ᠪᠠᠶᠢᠷᠢ ᠪᠣᠯᠤᠨ ᠬᠡᠭᠡᠷ᠎ᠡ ᠪᠠᠭᠤᠳᠠᠯᠯᠠᠬᠤ ᠠᠴᠠ ᠭᠠᠳᠠᠨ᠎ᠠ᠂ ᠤᠯᠠᠭᠠᠨᠬᠤᠲᠠ ᠶᠢᠨ ᠭᠤᠤ ᠶᠢᠨ ᠠᠶᠢᠯ ᠭᠠᠴᠠᠭ᠎ᠠ ᠳᠤ ︽ᠰᠢᠶᠤᠤ ᠰᠠᠨ ᠶᠠ︾ ᠬᠡᠮᠡᠭᠳᠡᠭᠰᠡᠨ ᠱᠧᠨ ᠵᠢᠶᠦ᠋ᠨ ᠸᠠᠨ ᠠᠮᠢ ᠠᠬᠤᠢ ᠶᠢᠨ ᠪᠡᠶᠡᠴᠢᠯᠡᠨ ᠣᠶᠢᠯᠠᠭᠠᠬᠤ ᠤᠷᠤᠨ ᠪᠠᠶᠢᠳᠠᠭ᠂ ᠮᠥᠨᠴᠦ ᠵᠢᠭᠤᠯᠴᠢᠯᠠᠭᠰᠠᠳ ᠤᠨ  ᠰᠡᠯᠡᠬᠦᠴᠡᠨ ᠵᠢᠭᠤᠯᠴᠢᠯᠠᠬᠤ ᠰᠠᠶᠢᠬᠠᠨ ᠭᠠᠵᠠᠷ ᠪᠣᠯᠤᠨ᠎ᠠ᠃     ︽ᠵᠤᠨ ᠪᠣᠯ ᠱᠧᠨ ᠵᠢᠶᠦ᠋ᠨ ᠸᠠᠨ ᠠᠮᠢ ᠠᠬᠤᠢ ᠶᠢᠨ ᠪᠡᠶᠡᠴᠢᠯᠡᠨ ᠤᠶᠢᠯᠠᠭᠠᠬᠤ ᠣᠷᠣᠨ ᠤ ᠵᠢᠭᠤᠯᠴᠢᠯᠠᠯ ᠤᠨ  ᠬᠦᠭᠵᠢᠶᠠᠨᠳᠠᠢ ᠤᠯᠠᠷᠢᠯ ᠪᠣᠯᠬᠤᠷ ᠡᠳᠦᠷ ᠪᠦᠷᠢ 300 ᠭᠠᠷᠤᠢ ᠵᠢᠭᠤᠯᠴᠢᠯᠠᠭᠰᠠᠳ ᠢ ᠬᠦᠯᠢᠶᠡᠨ ᠠᠪᠴᠤ ᠪᠠᠶᠢᠨ᠎ᠠ᠃ ᠪᠢᠳᠡ ᠪᠠᠰᠠ ᠬᠢᠮᠡᠯ ᠳᠠᠪᠠᠯᠭᠠᠨ᠂ ᠤᠰᠤᠨ ᠳᠡᠭᠡᠷᠡᠬᠢ ᠴᠡᠩᠭᠡᠯ ᠤᠨ ᠬᠦᠷᠢᠶᠡᠯᠡᠩ᠂ ᠤᠰᠤᠨ ᠳᠡᠭᠡᠷᠡᠬᠢ ᠪᠣᠭᠤᠮᠲᠠ ᠶᠢ ᠰᠢᠪᠳᠤᠯᠬᠤ ᠵᠡᠷᠭᠡ ᠵᠤᠭ᠎ᠠ ᠴᠡᠩᠭᠡᠯ ᠤᠨ ᠲᠥᠷᠥᠯ ᠵᠦᠢᠯ ᠭᠠᠷᠭᠠᠵᠤ᠂ ᠵᠢᠭᠤᠯᠴᠢᠯᠠᠭᠰᠠᠳ ᠤᠨ ᠱᠧᠨ ᠵᠢᠶᠦ᠋ᠨ ᠸᠠᠨ ᠳᠤ ᠵᠤᠨ ᠢ ᠲᠠᠭᠠᠲᠠᠢ ᠦᠩᠭᠡᠷᠡᠬᠦᠯᠬᠦ ᠶᠢ ᠬᠦᠰᠡᠵᠤ ᠪᠠᠶᠢᠨ᠎ᠠ︾ ᠭᠡᠵᠤ ᠤᠯᠠᠭᠠᠨᠬᠤᠲᠠ ᠶᠢᠨ ᠤᠯᠠᠭᠠᠨᠬᠠᠳᠠ ᠪᠠᠯᠭᠠᠰᠤᠨ ᠤ ᠨᠢᠭᠡᠳᠦᠮᠡᠯ ᠹᠷᠣᠨᠲ ᠤᠨ ᠭᠡᠰᠢᠭᠦᠨ ᠵᠦᠩ ᠶᠢᠨ ᠬᠤᠤ ᠰᠤᠷᠪᠤᠯᠵᠢᠯᠠᠭᠴᠢ ᠳᠤ ᠲᠠᠨᠢᠯᠴᠠᠭᠤᠯᠪᠠ᠃
     ᠤᠯᠠᠭᠠᠨᠬᠤᠲᠠ ᠵᠢᠭᠤᠯᠴᠢᠯᠠᠯ ᠤᠨ ᠦᠢᠯᠡᠰ ᠢᠶᠠᠷ ᠵᠠᠭᠤᠴᠢ ᠪᠣᠯᠭᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠ ᠮᠥᠩᠭᠦᠨ ᠠᠭᠤᠯᠠ ᠪᠣᠯᠭᠠᠨ ᠬᠤᠪᠢᠷᠠᠭᠤᠯᠬᠤ ᠶᠢ ᠪᠦᠲᠦᠮᠵᠢᠲᠡᠢ ᠠᠬᠢᠭᠤᠯᠵᠤ᠂ ᠬᠥᠳᠡᠭᠡ ᠲᠣᠰᠬᠤᠨ ᠤ ᠠᠮᠢ ᠠᠬᠤᠢ ᠣᠷᠴᠢᠨ ᠲᠣᠭᠤᠷᠢᠨ ᠢ ᠦᠵᠡᠰᠬᠦᠯᠡᠩᠲᠦ ᠰᠠᠶᠢᠬᠠᠨ ᠪᠣᠯᠭᠠᠵᠤ᠂ ᠵᠢᠭᠤᠯᠴᠢᠯᠠᠭᠰᠠᠳ ᠲᠤ ᠡᠬᠡ ᠪᠠᠶᠢᠭᠠᠯᠢ ᠲᠠᠢ ᠣᠶᠢᠷᠠᠲᠤᠬᠤ᠂ ᠪᠡᠶ᠎ᠡ ᠰᠡᠳᠬᠢᠯ ᠢᠶᠠᠨ ᠲᠠᠶᠢᠪᠤᠰᠢᠷᠠᠭᠤᠯᠬᠤ ᠬᠠᠮᠤᠭ ᠤᠨ ᠰᠠᠶᠢᠨ ᠭᠠᠵᠠᠷ ᠪᠠᠶᠢᠵᠤ᠂ ᠤᠯᠠᠨ ᠡᠰᠢᠴᠢᠯᠡᠭᠰᠡᠨ ᠦᠵᠡᠮᠵᠢ ᠪᠣᠯᠤᠨ ᠴᠢᠨᠠᠷ ᠰᠠᠶᠢᠲᠠᠢ ᠦᠢᠯᠡᠴᠢᠯᠡᠭᠡ ᠬᠠᠩᠭᠠᠨ᠂ ᠵᠢᠭᠤᠯᠴᠢᠯᠠᠭᠰᠠᠳ ᠤᠨ ᠵᠤᠨ ᠤ ᠡᠳᠤᠷ ᠢ ᠰᠡᠷᠢᠬᠦᠬᠡᠨ ᠦᠩᠭᠡᠷᠡᠬᠦᠯᠤᠨ᠎ᠠ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号