ᠢᠦᠢ ᠵᠢᠢ ᠱᠦᠨ ᠤᠯᠠᠭᠠᠨᠬᠤᠲᠠ ᠳᠤ ᠰᠢᠨᠵᠢᠯᠠᠨ ᠪᠠᠶᠢᠴᠠᠭᠠᠪᠠ
ᠨᠡᠶᠢᠲᠡᠯᠡᠭᠰᠡᠨ ᠴᠠᠭ᠄
2024/7/25
     7 ᠰᠠᠷ᠎ᠠ ᠶᠢᠨ 23 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠤᠯᠠᠭᠠᠨᠬᠤᠲᠠ ᠶᠢᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠳᠡ ᠶᠢᠨ ᠪᠠᠶᠢᠳᠠᠯ᠂ ᠠᠶᠤᠯᠭᠦᠶ ᠦᠢᠯᠡᠳᠪᠦᠷᠢᠯᠡᠯ ᠵᠡᠷᠭᠡ ᠠᠵᠢᠯ ᠢ ᠰᠢᠨᠵᠢᠯᠡᠨ ᠪᠠᠶᠢᠴᠠᠭᠠᠪᠠ᠃      ᠢᠦᠶ ᠵᠢᠶ ᠱᠦᠨ ᠤᠷᠢᠳ ᠬᠤᠵᠢᠳ ᠤᠯᠠᠭᠠᠨᠬᠤᠲᠠ ᠪᠣᠯᠣᠳ ᠲᠡᠮᠦᠷ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ᠂ ᠬᠤᠩ ᠶᠦᠨ ᠬᠤᠩ ᠾᠧ ︵ᠪᠦᠯᠦᠭᠯᠡᠯ︶ ᠤᠯᠠᠭᠠᠨᠬᠤᠲᠠ ᠶᠢᠨ ᠲᠠᠮᠠᠬᠢᠨ ᠦᠢᠯᠡᠳᠪᠦᠷᠢ᠂ ᠥᠪᠥᠷ ᠮᠣᠩᠭᠤᠯ ᠤᠨ ᠤᠳᠠᠴᠢ ᠮᠣᠩᠭᠤᠯ ᠡᠮ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠰᠢᠨ᠎ᠡ ᠦᠢᠯᠡᠳᠬᠦᠨ ᠢ ᠰᠤᠳᠤᠯᠤᠨ ᠨᠡᠭᠡᠭᠡᠬᠦ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ ᠤᠶᠢᠯᠠᠭᠠᠵᠠᠢ᠃ ᠲᠡᠷᠡ᠂ ᠠᠵᠦ ᠠᠬᠤᠶᠢᠯᠠᠯ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠬᠥᠭᠵᠢᠯᠲᠡ ᠶᠢᠨ ᠰᠡᠳᠭᠢᠴᠡ ᠪᠠᠨ ᠴᠢᠨᠠᠭᠰᠢᠳᠠ ᠥᠷᠭᠡᠳᠭᠡᠵᠦ᠂ ᠰᠢᠨ᠎ᠡ ᠶᠢ ᠡᠭᠦᠳᠴᠦ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠠᠷᠭ᠎ᠠ ᠵᠠᠮ ᠢ ᠵᠤᠷᠢᠭᠳᠠᠢ ᠰᠦᠪᠡᠭᠴᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠰᠡᠯᠡᠯᠲᠡ ᠰᠢᠪᠲᠤᠯᠬᠤ ᠪᠠ ᠮᠡᠷᠭᠡᠵᠢᠯ ᠤᠨ ᠥᠭᠡᠷᠡᠴᠢᠯᠡᠯᠲᠡ ᠬᠢᠵᠦ᠂ ᠦᠢᠯᠡᠳᠪᠦᠷᠢᠯᠡᠯ ᠤᠨ ᠴᠢᠳᠠᠪᠬᠢ ᠪᠠᠨ ᠥᠷᠭᠡᠳᠭᠡᠨ᠂ ᠠᠵᠤ ᠦᠢᠯᠡᠰ ᠢ ᠲᠡᠰ ᠲᠡᠪᠰᠢᠭᠦᠯᠵᠦ᠂ ᠠᠵᠤ ᠠᠬᠤᠶᠢᠯᠠᠯ ᠢ ᠬᠦᠴᠦᠷᠬᠡᠭᠵᠢᠭᠦᠯᠬᠦ ᠬᠡᠷᠡᠭᠲᠡᠢ ᠭᠡᠵᠦ ᠵᠣᠷᠢᠭᠵᠢᠭᠤᠯᠪᠠ᠃     ᠢᠦᠢ ᠵᠢᠢ ᠱᠦᠨ᠂ ᠡᠯ᠎ᠡ ᠭᠠᠵᠠᠷ ᠤᠷᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠦ᠂ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ᠃ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠴᠠᠷᠠᠭ᠎ᠠ ᠳᠠᠬᠢ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠪᠠᠲᠤ ᠠᠳᠬᠤᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠤ ᠴᠢᠬᠤᠯᠠᠴᠢᠯᠠᠵᠠᠢ᠃                                                ︵ᠬᠠᠨ ᠸᠧᠨ ᠪᠢᠨ   ᠤᠭ᠍ᠶᠦ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号