ᠤᠯᠠᠭᠠᠨᠬᠤᠲᠠ ᠶᠢᠨ ᠢᠯᠠᠯᠲᠠ ᠪᠠᠯᠭᠠᠰᠤ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/25
    ᠣᠶᠢᠷ᠎ᠠ ᠳᠤ᠂ 2024 ᠣᠨ ᠤ ᠢᠯᠠᠯᠲᠠ ᠪᠠᠯᠭᠠᠰᠤᠨ ᠤ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ  ᠶᠢᠨ ᠠᠵᠢᠯᠯᠠᠭ᠎ᠠ ᠢᠯᠠᠯᠲᠠ ᠭᠠᠴᠠᠭ᠎ᠠ ᠳᠤ ᠶᠠᠪᠤᠭᠳᠠᠵᠤ᠂ ᠪᠥᠬᠦ ᠠᠶᠢᠮᠠᠭ ᠤᠨ ᠡᠯ᠎ᠡ ᠬᠦᠷᠢᠶᠡᠨ ᠠᠴᠠ ᠬᠦᠷᠤᠯᠴᠡᠨ ᠢᠷᠡᠭᠰᠡᠨ ᠠᠵᠤ ᠠᠬᠤᠶᠢᠯᠠᠯ ᠤᠨ ᠲᠥᠯᠥᠭᠡᠯᠡᠭᠴᠢᠳ ᠡ᠊ᠨᠳᠡ ᠴᠤᠭᠯᠠᠷᠠᠵᠤ᠂ ᠪᠠᠯᠠ ᠣᠷᠣᠭᠤᠯᠤᠯᠲᠠ ᠶᠢᠨ ᠰᠢᠨ᠎ᠡ ᠠᠵᠠ ᠲᠣᠬᠢᠶᠠᠯ ᠢ ᠬᠠᠮᠲᠤ ᠪᠠᠷ ᠡᠷᠢᠯᠬᠢᠯᠡᠵᠦ᠂ ᠬᠥᠳᠡᠭᠡ ᠲᠣᠰᠬᠤᠨ ᠤ ᠬᠥᠭᠵᠢᠯᠲᠡ ᠶᠢᠨ ᠰᠢᠨ᠎ᠡ ᠢᠷᠡᠭᠡᠳᠦᠶ ᠶᠢ ᠬᠠᠮᠲᠤ ᠪᠠᠷ ᠰᠦᠪᠡᠭᠴᠢᠯᠡᠪᠡ᠃          ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠢᠯᠠᠯᠲᠠ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠰᠢᠶᠠᠩ ᠪᠠᠯᠭᠠᠰᠤᠨ ᠤ ᠣᠨᠴᠠᠯᠢᠭ᠂ ᠬᠥᠭᠵᠢᠯᠲᠡ ᠶᠢᠨ ᠢᠷᠡᠭᠡᠳᠦᠢ᠂ ᠬᠤᠳᠠᠯᠳᠤᠭᠠᠴᠢᠨ ᠤᠷᠢᠬᠤ ᠲᠥᠷᠥ ᠶᠢᠨ ᠪᠣᠳᠣᠯᠭ᠎ᠠ ᠵᠡᠷᠭᠡ ᠲᠠᠯ᠎ᠠ ᠪᠠᠷ ᠢᠯᠠᠯᠲᠠ ᠪᠠᠯᠭᠠᠰᠤ ᠶᠢ ᠨᠠᠷᠢᠨ ᠲᠠᠨᠢᠯᠴᠠᠭᠤᠯᠵᠠᠶ᠃ ᠠᠵᠢᠯᠯᠠᠭ᠎ᠠ ᠳᠤ ᠣᠷᠣᠯᠴᠠᠭᠰᠠᠳ ᠡᠯ᠎ᠡ ᠭᠠᠵᠠᠷ ᠤᠨ ᠲᠥᠷᠥᠯ ᠵᠦᠢᠯ ᠤᠨ ᠲᠦᠷᠢᠶᠡᠰᠦᠨ ᠮᠥᠩᠭᠦ ᠶᠢᠨ ᠪᠠᠷᠢᠮᠵᠢᠶ᠎ᠠ᠂ ᠬᠠᠮᠲᠤᠷᠠᠯᠴᠠᠭᠠᠨ ᠤ ᠠᠷᠭ᠎ᠠ ᠬᠡᠯᠪᠡᠷᠢ᠂ ᠢᠷᠡᠭᠡᠳᠦᠢ ᠶᠢᠨ ᠲᠥᠯᠥᠪᠵᠢᠭᠦᠯᠭᠡ ᠵᠡᠷᠭᠡ ᠠᠭᠤᠯᠭ᠎ᠠ ᠶᠢᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠪᠠ᠃ ᠡᠮᠦᠨᠡᠬᠢ ᠬᠤᠭᠤᠴᠠᠭᠠᠨ ᠤ ᠵᠣᠯᠭᠠᠭᠤᠯᠤᠨ ᠶᠠᠷᠢᠯᠴᠠᠭᠰᠠᠨ ᠰᠠᠭᠤᠷᠢᠨ ᠳᠡᠭᠡᠷ᠎ᠡ᠂ ᠢᠯᠠᠯᠲᠠ ᠭᠠᠴᠠᠭ᠎ᠠ ᠪᠣᠯᠤᠨ ᠳ᠋ᠦ᠋ ᠯᠧ ᠢᠳᠡᠭᠡᠨ ᠤᠮᠳᠠᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠰᠢᠩ ᠯᠢ ᠢᠦᠢ ᠰᠣᠶᠣᠯ ᠵᠠᠭᠤᠴᠢᠯᠠᠭᠤᠷ ᠤᠨ ᠺᠣᠮᠫᠠᠨᠢ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号