ᠬᠠᠮᠳᠤ ᠶᠢᠨ ᠴᠤᠭᠴᠠ ᠶᠢ ᠪᠠᠳᠤ ᠴᠤᠭᠴᠠᠯᠠᠵᠤ ᠲᠤᠮᠳᠠᠳᠤ ᠶᠢᠨ ᠦᠨᠳᠤᠰᠤᠳᠡᠨ ᠨᠢᠭᠡ ᠭᠡᠷ ᠮᠡᠳᠤ ᠲᠤᠳᠤᠨᠤ —  ᠬᠢᠨᠭ᠍ᠭᠠᠨ ᠳᠠᠪᠠᠭᠠᠨ ᠳᠠᠬᠢ ᠬᠢᠨᠭ᠍ᠭᠠᠨ ᠠᠶᠢᠮᠠᠬ ᠲᠤ ᠪᠦᠯᠬᠦᠮᠳᠡᠯ ᠤᠨ ᠴᠡᠴᠡᠭᠡᠰ ᠪᠠᠳᠮᠠᠷᠠᠨ ᠳᠡᠯᠭᠡᠷᠡᠨᠡᠮ
ᠨᠡᠶᠢᠲᠡᠯᠡᠭᠰᠡᠨ ᠴᠠᠭ᠄
2024/7/25
        ᠬᠠᠮᠳᠤ ᠶᠢᠨ ᠴᠤᠭᠴᠠ ᠶᠢ ᠪᠠᠳᠤ ᠴᠤᠭᠴᠠᠯᠠᠵᠤ ᠲᠤᠮᠳᠠᠳᠤ ᠶᠢᠨ ᠦᠨᠳᠤᠰᠤᠳᠡᠨ ᠨᠢᠭᠡ ᠭᠡᠷ ᠮᠡᠳᠤ ᠲᠤᠳᠤᠨᠤ —  ᠬᠢᠨᠭ᠍ᠭᠠᠨ ᠳᠠᠪᠠᠭᠠᠨ ᠳᠠᠬᠢ ᠬᠢᠨᠭ᠍ᠭᠠᠨ ᠠᠶᠢᠮᠠᠬ ᠲᠤ ᠪᠦᠯᠬᠦᠮᠳᠡᠯ ᠤᠨ ᠴᠡᠴᠡᠭᠡᠰ ᠪᠠᠳᠮᠠᠷᠠᠨ ᠳᠡᠯᠭᠡᠷᠡᠨᠡᠮ         ᠬᠢᠩᠭᠠᠨ ᠠᠶᠢᠮᠠᠭ ᠪᠣᠯ ᠳᠤᠮᠳᠠᠳᠤ ᠤᠯᠤᠰ ᠤᠨ ᠡᠪ ᠬᠠᠮᠳᠦ ᠨᠠᠮ ᠤᠨ ᠤᠳᠤᠷᠢᠳᠤᠯᠭ᠎ᠠ ᠳᠤᠤᠷ᠎ᠠ ᠪᠠᠶᠢᠭᠤᠯᠤᠬᠳᠠᠬᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠮᠡᠨᠳᠦᠯᠡᠭᠰᠡᠨ ᠭᠠᠵᠠᠷ ᠪᠠᠶᠢᠵᠦ᠂ ᠪᠠᠰᠠ ᠴᠤ ᠨᠠᠮ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠤᠨ ᠬᠠᠮᠤᠭ ᠤᠨ ᠡᠷᠲᠡᠨ ᠤ ᠦᠢᠯᠡᠳᠦᠯᠭᠡ ᠶᠢᠨ ᠭᠠᠵᠠᠷ ᠮᠥᠨ᠃ ᠡᠭᠦᠨ ᠠᠴᠠ ᠡᠬᠢᠯᠡᠨ᠂ ᠬᠤᠪᠢᠰᠬᠠᠯᠳᠦ ᠤᠯᠠᠮᠵᠢᠯᠠᠯ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠢᠯᠢᠳᠡᠭ ᠤᠯᠠᠮᠵᠢᠯᠠᠯ ᠡᠨᠡᠬᠦ ᠨᠤᠲᠤᠭ ᠳᠡᠪᠢᠰᠭᠡᠷ ᠲᠤ ᠭᠦᠨ ᠬᠠᠳᠠᠩᠰᠢᠵᠤ᠂ ᠬᠢᠩᠭᠠᠨ ᠠᠶᠢᠮᠠᠭ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠤᠭᠰᠠᠨ ᠪᠠᠶᠢᠨ᠎ᠠ᠃
    ᠤᠢᠢᠷ᠎ᠠ ᠶᠢᠨ ᠵᠢᠯ ᠠᠴᠠ ᠨᠠᠭᠠᠰᠢ᠂ ᠬᠢᠩᠭᠠᠨ ᠠᠶᠢᠮᠠᠭ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠤ᠂ ᠬᠤᠶᠠᠷ ᠤᠳᠠᠭ᠎ᠠ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠠᠶᠢᠮᠠᠭ︾ ᠤᠨ ᠢᠷᠠᠭᠤ ᠠᠯᠳᠠᠷ ᠢ ᠭᠥᠷᠳᠡᠭᠰᠡᠨ ᠪᠥᠭᠡᠳ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠲᠠᠭᠤᠷᠢᠶᠠᠯᠳᠤ ᠣᠷᠣᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠵᠢᠱᠢᠶ᠎ᠡ ᠦᠵᠡᠭᠦᠯᠬᠦ ᠣᠷᠣᠨ ᠵᠢᠴᠢ ᠳᠤᠮᠳᠠᠳᠤ ᠤᠯᠤᠰ ᠤᠨ ᠣᠨᠴᠠᠯᠢᠭ ᠪᠥᠬᠦᠶ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠤᠨᠤᠴᠠᠳᠠᠢ ᠵᠠᠮ ᠤᠨ ᠳᠠᠪᠠᠭᠤᠯᠢᠭ ᠢ ᠳᠡᠯᠡᠬᠡᠶ ᠳ᠋ᠠᠬᠢᠨ ᠳᠤ ᠳᠡᠯᠭᠡᠨ ᠦᠵᠡᠭᠦᠯᠬᠦ ᠴᠢᠬᠤᠯᠠ ᠲᠤᠷᠰᠢᠯᠲᠠ ᠶᠢᠨ ᠴᠡᠭ ᠢᠶᠠᠷ ᠲᠣᠭᠳᠠᠭᠠᠭᠳᠠᠭᠰᠠᠨ ᠪᠠᠶᠢᠨ᠎ᠠ᠃     ᠬᠠᠮᠲᠤ ᠶᠢᠨ ᠣᠶᠣᠨ ᠰᠠᠨᠠᠭᠠᠨ ᠤ ᠭᠡᠷ ᠣᠷᠣᠨ ᠢ ᠴᠤᠬᠴᠠᠯᠠᠨ᠎ᠠ     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠶᠢ ︽ᠭᠤᠷᠪᠠ ᠶᠢ ᠲᠣᠭᠲᠠᠭᠠᠬᠤ︾ ᠲᠣᠭᠲᠠᠭᠠᠯ ᠳᠤ ᠠᠭᠤᠰᠤᠯᠴᠠᠭᠤᠯᠬᠤ ᠶᠢᠨ ᠬᠠᠮᠲᠤ ᠣᠨ ᠤ ᠲᠥᠯᠥᠪᠯᠡᠭᠡ᠂ ᠠᠵᠢᠯ ᠤᠨ ᠭᠤᠣᠯᠳᠠᠯᠭ᠎ᠠ ᠪᠠ ᠠᠵᠢᠯ ᠤᠨ ᠳ᠋ᠦᠩᠨᠡᠯᠲᠡ ᠳᠤ ᠣᠷᠣᠭᠤᠯᠪᠠ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠠᠵᠢᠯ ᠢ ᠨᠠᠮ ᠤᠨ ᠭᠡᠰᠢᠬᠦᠨ ᠺᠠᠳ᠋ᠷᠴᠤᠳ ᠤᠨ ᠬᠥᠮᠦᠵᠢᠯ ᠪᠠ ᠤᠯᠤᠰ ᠠᠷᠠᠳ ᠤᠨ ᠬᠥᠮᠦᠵᠢᠯ ᠤᠨ ᠰᠢᠰᠲ᠋ᠧᠮ ᠳᠤ ᠣᠷᠣᠭᠤᠯᠪᠡ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠦᠢᠯᠡᠳᠦᠯᠭᠡ ᠶᠢᠨ ᠰᠤᠳᠤᠯᠭᠠᠨ ᠤ ᠲᠥᠪ ᠪᠣᠯᠤᠨ ᠤᠨᠤᠯ ᠤᠨ ᠰᠤᠳᠤᠯᠭᠠᠨ ᠤ ᠰᠠᠭᠤᠷᠢᠨ ᠢ ᠫᠠᠶᠢᠰᠠ ᠡᠯᠭᠦᠨ ᠪᠠᠶᠢᠭᠤᠯᠪᠡ︔ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠶᠢᠨ ᠦᠨᠳᠦᠰᠦᠲᠡᠨ ᠤ ᠠᠵᠢᠯ ᠤᠨ ᠶᠠᠷᠢᠯᠴᠠᠬᠤ ᠲᠦᠷᠢᠮ ᠢ ᠪᠠᠶᠢᠭᠤᠯᠤᠨ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠳᠡᠭᠡᠳᠦ ᠬᠡᠮᠵᠢᠶᠡᠨ ᠤ ᠵᠥᠪᠰᠢᠶᠡᠷᠡᠯ ᠢ ᠣᠯᠤᠭᠰᠠᠨ ᠪᠥᠭᠡᠳ ᠨᠠᠨᠳᠢᠨ ᠲᠤᠷᠰᠢᠯᠭ᠎ᠠ ᠪᠠᠨ ᠪᠦᠬᠦ ᠤᠯᠤᠰ ᠤᠨ ᠬᠡᠪᠴᠢᠶᠡᠨ ᠳᠤ ᠳᠡᠯᠭᠡᠷᠡᠭᠦᠯᠵᠡᠢ ᠁
    ᠬᠢᠩᠭᠠᠨ ᠠᠶᠢᠮᠠᠭ ᠢᠮᠠᠭᠲᠠ ᠦᠨᠳᠦᠰᠦᠲᠡᠨ ᠤ ᠠᠵᠢᠯ ᠢ ︽ᠨᠢᠭᠡᠳᠦᠭᠡᠷ︾ ᠢᠨᠵᠧᠨᠧᠷᠢᠩ ᠪᠣᠯᠭᠠᠵᠤ᠂ ᠨᠠᠮ ᠤᠨ ᠦᠨᠳᠦᠰᠦᠲᠡᠨ ᠤ ᠠᠵᠢᠯ ᠳᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠲᠠᠰᠤᠷᠠᠯᠲᠠ ᠥᠬᠡᠶ ᠴᠢᠩᠭᠠᠳᠬᠠᠵᠤ ᠂ ︽ᠨᠠᠮ ᠤᠨ ᠬᠤᠷᠢᠶ᠎ᠠ ᠨᠢᠭᠡᠳᠦᠯᠲᠡᠶ ᠤᠳᠤᠷᠢᠳᠬᠤ᠂ ᠵᠠᠰᠠᠭ ᠤᠨ ᠣᠷᠳᠣᠨ ᠬᠠᠤᠯᠢ ᠶᠣᠰᠣᠭᠠᠷ ᠬᠠᠮᠢᠶᠠᠷᠬᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ᠂ ᠡᠯ᠎ᠡ ᠰᠠᠯᠠᠭ᠎ᠠ ᠮᠥᠴᠢᠷ ᠬᠠᠮᠵᠢᠯᠴᠠᠨ ᠪᠠᠶᠢᠯᠳᠤᠬᠤ᠂ ᠪᠥᠬᠦ ᠨᠡᠶᠢᠭᠡᠮ ᠢᠶᠠᠷ ᠢᠶᠠᠨ ᠣᠷᠣᠯᠴᠠᠬᠤ︾ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ ᠪᠣᠶ ᠪᠣᠯᠭᠠᠪᠠ᠃     ᠬᠢᠨᠭ᠍ᠭᠠᠨ ᠤ ᠡᠬᠦᠳᠤᠯᠳᠠ · ᠳᠡᠯᠭᠡᠨ ᠦᠵᠡᠬᠦᠯᠵᠦ ᠪᠡᠶᠡᠴᠢᠯᠡᠨ ᠤᠶᠢᠯᠠᠭᠠᠬᠤ ᠲᠦᠪ ᠲᠤ ᠭᠠᠷᠠᠬ ᠪᠦᠷᠢ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ᠂ ᠦᠨᠳᠦᠰᠦᠳᠡᠨ ᠤ ᠤᠨᠴᠠᠯᠢᠬᠳᠦ ᠪᠠᠷᠠᠭ᠎ᠠ ᠬᠤᠳᠠᠯᠳᠤᠭᠠᠨ ᠤ ᠭᠠᠵᠠᠷ᠂ ᠡᠯ᠎ᠠ ᠵᠦᠢᠯ ᠤᠨ ᠲᠣᠭᠯᠠᠯᠲᠠ ᠦᠵᠡᠭᠦᠯᠭᠡ ᠵᠡᠷᠭᠡ ᠠᠵᠢᠯᠯᠠᠭ᠎ᠠ ᠶᠠᠪᠤᠬᠳᠠᠵᠦ᠂ ᠬᠢᠨᠭ᠍ᠭᠠᠨ ᠤ ᠤᠯᠠᠨ ᠲᠦᠮᠡᠨ ᠤ ᠬᠠᠮᠳᠦ ᠶᠢᠨ ᠤᠶᠤᠨ ᠰᠠᠨᠠᠭᠠᠨ ᠤ ᠭᠡᠷ ᠤᠷᠤᠨ ᠢ ᠴᠤᠬᠴᠠᠯᠠᠨ ᠪᠠᠶᠢᠭᠤᠯᠵᠦ ᠪᠠᠶᠢᠭ᠎ᠠ ᠶᠤᠮ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠴᠤᠬᠴᠠᠯᠠᠬᠤ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠠᠩᠭᠢᠯᠠᠭ᠎ᠠ ᠶᠢᠨ ᠰᠠᠭᠤᠷᠢ ᠮᠦᠨ᠃ ᠡᠭᠦᠨ ᠳᠤ᠂ ᠬᠢᠩᠭᠠᠨ ᠠᠶᠢᠮᠠᠭ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠳᠤᠷᠠᠰᠬᠠᠯ ᠤᠨ ᠣᠷᠳᠣᠨ᠂ ︽5 · 1︾ ᠬᠤᠷᠠᠯ ᠤᠨ ᠭᠡᠷ ᠵᠡᠷᠭᠡ ᠬᠤᠪᠢᠰᠬᠠᠯ ᠤᠨ ᠡᠬᠢ ᠪᠠᠶᠠᠯᠢᠭ ᠢ ᠭᠦᠢᠴᠡᠳ ᠠᠭᠤᠳᠠᠯᠤᠨ ᠠᠰᠢᠭᠯᠠᠵᠤ᠂ ᠠᠯᠢ ᠤᠯᠠᠨ ᠬᠤᠪᠢᠰᠬᠠᠯᠳᠦ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠪᠤᠢ᠃ ᠡᠭᠦᠨ ᠤ ᠬᠠᠮᠲᠤ᠂ 10 ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ᠂ 23 ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠪᠠ 1088 ᠠᠬᠢᠭᠤᠯᠬᠤ ᠨᠠᠶᠢᠬᠡᠮᠯᠢᠭ ᠤᠨ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠳᠤᠮᠳᠠᠳᠤ ᠶᠢᠨ ᠦᠨᠳᠦᠰᠦᠳᠡᠨ ᠤ ᠬᠠᠮᠳᠦ ᠶᠢᠨ ᠴᠤᠬᠴᠠ ᠶᠢᠨ ᠤᠶᠤᠨ ᠰᠠᠨᠠᠭᠠᠨ ᠤ ᠭᠡᠷ ᠤᠷᠤᠨ ᠢ ᠬᠠᠮᠳᠦᠪᠡᠷ ᠴᠤᠬᠴᠠᠯᠠᠪᠡ᠃
    ᠣᠯᠠᠨ ᠵᠢᠯ ᠤᠨ ᠲᠤᠷᠰᠢ᠂ ᠬᠢᠩᠭᠠᠨ ᠠᠶᠢᠮᠠᠭ ᠤᠳᠬ᠎ᠠ ᠤᠷᠠᠯᠢᠭ ᠰᠣᠶᠣᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ︽ᠮᠠᠭᠲᠠᠭᠠᠯ ᠳᠠᠭᠤᠤ︾ ᠵᠡᠷᠭᠡ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠠᠭᠤᠯᠬᠤᠨ ᠢ ᠬᠠᠷᠠᠭᠤᠯᠤᠭᠰᠠᠨ ᠨᠢᠭᠡ ᠪᠦᠯᠦᠭ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠭᠰᠡᠨ ᠪᠥᠭᠡᠳ ︽ᠠᠨᠠᠷ ᠤᠨ ᠦᠷ᠎ᠡ · ᠰᠡᠳᠭᠢᠯ ᠢᠶᠠᠨ ᠨᠢᠭᠡᠳᠭᠡᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠪᠠᠷ ᠭᠤᠤᠯ ᠰᠡᠳᠦᠪ ᠪᠣᠯᠭᠠᠵᠤ᠂ ᠪᠣᠯᠪᠠᠰᠤᠨ ᠬᠤᠲᠠ᠂ ᠪᠣᠯᠪᠠᠰᠤᠨ ᠲᠣᠰᠬᠤᠨ ᠪᠠᠯᠭᠠᠰᠤ ᠵᠡᠷᠭᠡ ᠶᠢ ᠡᠭᠦᠳᠦᠨ ᠪᠠᠶᠢᠭᠤᠯᠬᠤ ᠠᠵᠢᠯ ᠢᠶᠠᠷ ᠵᠢᠯᠣᠭᠤᠳᠣᠯᠭ᠎ᠠ ᠪᠣᠯᠭᠠᠵᠤ᠂ ᠲᠦᠮᠡ ᠭᠠᠷᠤᠶ ᠲᠠᠯᠠᠪᠠᠶ ᠤᠨᠴᠠᠯᠢᠬᠳᠤ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠪᠦᠯᠬᠦᠮᠳᠡᠯ ᠪᠠ ᠨᠥᠬᠦᠷᠯᠡᠯ ᠢ ᠵᠤᠵᠠᠭᠠᠳᠬᠠᠵᠠᠶ᠃     ᠠᠷᠠᠳ ᠤᠨ ᠠᠮᠢᠳᠤᠷᠠᠯ ᠤᠨ ᠰᠠᠶᠢᠵᠢᠷᠠᠯᠳᠠ ᠶᠢ ᠦᠷᠬᠦᠯᠵᠢᠯᠡᠨ ᠠᠬᠢᠭᠤᠯᠤᠨ᠎ᠠ     ᠥᠩᠭᠡᠷᠡᠭᠰᠡᠨ ᠳᠤ᠂ ᠬᠢᠩᠭᠠᠨ ᠠᠶᠢᠮᠠᠭ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠤᠷᠮᠣᠢ ᠳᠠᠬᠢ ᠲᠥᠪᠯᠡᠷᠡᠨ ᠵᠠᠯᠭᠠᠯᠳᠤᠭᠰᠠᠨ ᠣᠨᠴᠠ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠬᠠᠷᠢᠶᠠᠯᠠᠬᠳᠠᠵᠦ ᠪᠠᠶᠢᠯ᠎ᠠ᠃ ᠭᠡᠲᠡᠯ᠎ᠡ ᠡ᠊ᠨᠳᠡᠬᠢ ᠠᠷᠠᠳ ᠲᠦᠮᠡᠨ ᠶᠠᠳᠠᠭᠤ ᠵᠦᠳᠡᠭᠦᠦ ᠪᠠᠶᠢᠳᠠᠯ ᠳᠠᠭᠠᠨ ᠶᠡᠷᠦ ᠠᠴᠠ ᠬᠦᠯᠢᠶᠡᠰᠦᠯᠡᠭᠳᠡᠭᠡ ᠦᠭᠡᠢ ᠬᠠᠷᠢᠨ ᠴᠢᠨᠡᠭᠡᠯᠢᠭ ᠠᠮᠢᠳᠤᠷᠠᠯ ᠤᠨ ᠬᠠᠯᠠᠭᠤᠨ ᠬᠦᠰᠡᠯ ᠢ ᠡᠪᠦᠷᠯᠡᠨ᠂ ᠶᠠᠳᠠᠭᠤ ᠠᠴᠠ ᠠᠩᠬᠢᠵᠢᠷᠠᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠳᠤ ᠢᠳᠡᠪᠬᠢᠯᠡᠨ ᠤᠷᠤᠯᠴᠠᠵᠦ ᠶᠠᠳᠠᠭᠤ ᠮᠠᠯᠠᠭᠠᠢ ᠪᠠᠨ ᠠᠪᠴᠦ ᠬᠠᠶᠠᠵᠦ᠂ ᠤᠬᠠᠭ᠎ᠠ ᠴᠢᠷᠮᠠᠶᠢᠯᠭ᠎ᠠ ᠠᠵᠢᠯᠴᠢ ᠬᠤᠶᠠᠷ ᠭᠠᠷ ᠢᠶᠠᠷ ᠢᠶᠠᠨ ᠠᠮᠢᠳᠤᠷᠠᠯ ᠢᠶᠠᠨ ᠴᠤᠬᠴᠠᠯᠠᠪᠠ᠄ 6 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠬᠤᠲᠠ᠂ 602 ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠪᠦᠬᠦᠨ ᠶᠠᠳᠠᠭᠤ ᠠᠴᠠ ᠠᠩᠭᠢᠵᠢᠷᠠᠵᠤ᠂ 4.85 ᠲᠦᠮᠡᠨ ᠡᠷᠦᠬᠡ᠂ 10.5 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠪᠠ᠂ ᠡᠨᠡ ᠬᠦ ᠲᠡᠤᠬᠡᠲᠦ ᠴᠢᠨᠠᠷᠲᠠᠶ ᠠᠮᠵᠢᠯᠲᠠ ᠪᠦᠲᠦᠮᠵᠢ ᠨᠢ ᠪᠥᠬᠦ ᠠᠶᠢᠮᠠᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠬᠴᠠᠯᠠᠬᠤ ᠳᠤ ᠪᠤᠳᠠᠳᠠᠢ ᠢᠯᠡᠷᠡᠯ ᠪᠤᠯᠤᠭᠰᠠᠨ ᠪᠠᠶᠢᠨ᠎ᠠ᠃
    ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠬᠤ ᠶᠢᠨ ᠲᠥᠯᠥᠭᠡ᠂ ᠬᠢᠩᠭᠠᠨ ᠠᠶᠢᠮᠠᠭ ︽ᠳᠥᠷᠪᠡᠨ ᠶᠡᠭᠡ ᠠᠵᠢᠯᠯᠠᠭ᠎ᠠ︾ ᠪᠠ ︽ᠵᠢᠷᠭᠤᠭᠠᠨ ᠶᠡᠭᠡ ᠠᠷᠭ᠎ᠠ ᠬᠡᠮᠵᠢᠶ᠎ᠡ︾ ᠪᠠᠷ ᠳᠠᠮᠵᠢᠨ ᠠᠵᠢᠯ ᠣᠯᠭᠤᠯᠲᠠ ᠶᠢ ᠪᠠᠲᠤᠯᠠᠵᠤ᠂ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ 5 ᠵᠢᠯ ᠳᠠᠷᠠᠭᠠᠯᠠᠨ ᠪᠥᠬᠦ ᠣᠷᠣᠨ ᠤ ᠡᠮᠦᠨ᠎ᠡ ᠡᠩᠨᠡᠭᠡᠨ ᠳᠤ ᠵᠢᠭᠰᠠᠭᠠᠬᠳᠠᠵᠠᠶ᠃ ᠡᠭᠦᠨ ᠤ ᠵᠡᠷᠭᠡᠪᠡᠷ᠂ ᠠᠯᠢ ᠣᠯᠠᠨ ᠭᠤᠤᠯᠳᠠᠯᠭ᠎ᠠ ᠲᠠᠢ ᠲᠥᠷᠥᠯ ᠵᠦᠢᠯ ᠢ ᠲᠥᠯᠥᠪᠯᠡᠨ ᠬᠡᠷᠡᠭᠵᠢᠭᠦᠯᠵᠦ᠂ ︽ᠲᠡᠷᠢᠭᠦᠨ ᠤ ᠬᠢᠯᠢ ᠶᠢᠨ ᠬᠠᠮᠠᠭᠠᠯᠠᠯᠲᠠ ᠶᠢᠨ ᠱᠤᠭᠤᠮ︾   ᠢ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠳᠠᠰᠤᠷᠠᠯᠳᠠ ᠦᠭᠡᠢ ᠨᠡᠮᠡᠭᠳᠡᠬᠦᠯᠪᠡ᠃     2023 ᠣᠨ ᠳᠤ ᠪᠥᠬᠦ ᠠᠶᠢᠮᠠᠭ ᠤᠨ ᠠᠮᠤ ᠪᠤᠳᠠᠭᠠᠨ ᠤ ᠤᠨᠠᠯᠲᠠ 135 ᠳ᠋ᠦᠩᠰᠢᠭᠤᠷ ᠵᠢᠩ ᠢ ᠳᠠᠪᠠᠵᠤ᠂ ᠮᠠᠯ  ᠲᠡᠵᠢᠭᠡᠪᠤᠷᠢ ᠶᠢᠨ ᠲᠤᠭ᠎ᠠ 1290 ᠲᠦᠮᠡ ᠳᠤ ᠬᠦᠷᠴᠡᠶ︔ 2023 ᠣᠨ ᠳᠤ ᠪᠥᠬᠦ ᠠᠶᠢᠮᠠᠭ ᠤᠨ ᠭᠥᠯᠢᠶᠡᠨ ᠠᠪᠤᠭᠰᠠᠨ ᠵᠢᠭᠤᠯᠴᠢᠯᠠᠬᠰᠠᠳ ᠪᠠ ᠵᠢᠭᠤᠯᠴᠢᠯᠠᠯ ᠤᠨ ᠣᠷᠣᠯᠭ᠎ᠠ 2022 ᠤᠨ ᠤ ᠬᠢ ᠠᠴᠠ ᠲᠣᠰ ᠲᠣᠰ 82%᠂ 130% ᠪᠠᠷ ᠨᠡᠮᠡᠭᠳᠡᠵᠦ᠂ ᠳᠤᠮᠳᠠᠳᠤ ᠤᠯᠤᠰ ᠤᠨ ᠠᠩᠬᠠᠳᠠᠭᠴᠢ ᠪᠥᠬᠦ ᠣᠷᠣᠨ ᠪᠦᠰᠡ ᠶᠢᠨ ︽ᠵᠤᠰᠠᠯᠠᠩ ᠤᠨ ᠵᠢᠭᠤᠯᠴᠢᠯᠠᠯ ᠤᠨ ᠵᠣᠷᠢᠭᠰᠠᠨ ᠭᠠᠵᠠᠷ︾ ᠪᠤᠯᠵᠠᠢ︔ ᠮᠦᠨ ᠴᠤ ᠤᠷᠢᠳ ᠬᠤᠵᠢᠳ ︽ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶᠡᠴᠢ ᠠᠶᠢᠮᠠᠭ︾᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠢᠷᠠᠭᠤ ᠠᠯᠳᠠᠷ ᠢ ᠬᠦᠷᠳᠡᠵᠠᠢ ᠁ ᠬᠢᠩᠭᠠᠨ ᠠᠶᠢᠮᠠᠭ ᠠᠮᠢ ᠠᠬᠤᠢ ᠶᠢ ᠤᠷᠢᠳᠡᠪᠡᠷ ᠪᠤᠳᠤᠯᠬᠢᠯᠠᠵᠦ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠪᠠ᠃     ᠬᠢᠩᠭᠠᠨ ᠠᠶᠢᠮᠠᠭ ᠦᠨᠳᠤᠰᠤᠳᠡᠨ ᠤ ᠬᠡᠷᠡᠭ ᠡᠷᠬᠢᠯᠡᠬᠦ ᠶᠢ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠳᠤ ᠣᠷᠣᠭᠤᠯᠵᠤ᠂ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠨ᠂ ᠦᠨᠳᠦᠰᠦᠲᠡᠨ ᠤ ᠬᠡᠷᠡᠭ ᠡᠷᠬᠢᠯᠡᠬᠦ ᠵᠠᠰᠠᠯᠲᠠ ᠶᠢᠨ ᠬᠠᠤᠯᠢᠵᠢᠯ ᠤᠨ ᠵᠠᠮ ᠢᠶᠠᠷ ᠶᠠᠪᠤᠭᠳᠠᠬᠤ ᠶᠢ ᠪᠠᠲᠤᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠪᠠ᠃
    ᠦᠨᠳᠦᠰᠦᠳᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠭᠦᠨᠵᠡᠭᠡᠶᠢᠷᠡᠭᠦᠯᠦᠨ᠎ᠡ     ᠤᠯᠤᠰ ᠤᠨ ᠪᠤᠭᠤᠮᠳᠠ ᠶᠢᠨ ᠡᠭᠦᠳᠡᠨ ᠳᠤ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠬᠦᠷᠳᠡᠭᠡᠬᠦ︔ ᠰᠠᠨ ᠲᠠᠨ ᠰᠢᠶᠠ ᠬᠠᠪᠴᠢᠯ ᠤᠨ ︽ᠲᠦᠩ ᠰᠢᠨ ᠴᠢᠶᠣᠤ ᠬᠥᠭᠦᠷᠭᠡ︾ ᠪᠠᠷ ᠬᠦᠡᠭᠭᠡᠷᠡᠬᠦ︔ ᠰᠢ ᠳᠠᠩ ᠯᠢᠨ ᠠᠴᠠ ︽ᠪᠦᠯᠬᠦᠮᠳᠡᠯ ᠤᠨ ᠮᠣᠳᠣ︾᠂ ︽ᠡᠶ᠎ᠡ ᠨᠠᠶᠢᠷᠠᠮᠳᠠᠭᠤ ᠮᠣᠳᠣ︾ ᠶᠢ ᠡᠷᠢᠯᠬᠢᠯᠡᠬᠦ ᠁ ᠷᠠᠰᠢᠶᠠᠨ ᠤ ᠡᠯ᠎ᠡ ᠦᠵᠡᠮᠵᠢ ᠶᠢᠨ ᠣᠷᠣᠨ ᠢᠶᠠᠷ ᠦᠨᠳᠦᠰᠦᠲᠡᠨ ᠤ ᠪᠦᠯᠬᠦᠮᠳᠡᠯ ᠢ ᠬᠠᠷᠠᠭᠤᠯᠤᠬᠰᠠᠨ ᠵᠦᠢᠯ ᠤᠳ ᠨᠢ ᠪᠠᠶᠢᠭᠠᠯᠢ ᠶᠢᠨ ᠣᠷᠴᠢᠨ ᠲᠣᠭᠤᠷᠢᠨ ᠲᠠᠢ ᠨᠢᠭᠡ ᠴᠣᠭᠴᠠ ᠪᠤᠯᠤᠨ ᠳᠡᠯᠭᠡᠭᠳᠡᠨ᠎ᠠ᠃     ᠬᠢᠩᠭᠠᠨ ᠠᠶᠢᠮᠠᠭ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭ᠎ᠠ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠷᠢᠯᠴᠠᠨ ᠠᠭᠤᠰᠤᠯᠴᠠᠨ ᠬᠦᠭᠵᠢᠬᠦ᠂ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ︽ᠭᠤᠷᠪᠠᠨ ᠵᠦᠢᠯ ᠤᠨ ᠲᠥᠯᠥᠪᠯᠡᠭᠡ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠢ ᠲᠠᠰᠤᠷᠠᠯᠲᠠ ᠦᠭᠡᠢ ᠠᠬᠢᠭᠤᠯᠪᠠ᠃     ᠭᠤᠶᠢᠳᠠ ᠰᠠᠶᠢᠬᠠᠨ ᠰᠤᠶᠤᠯ ᠤᠷᠠᠯᠢᠭ ᠤᠨ ᠪᠦᠲᠦᠭᠡᠯ ᠨᠢ ᠦᠨᠳᠦᠰᠦᠲᠡᠨ ᠨᠦᠭᠦᠳ ᠤᠨ ᠬᠠᠶᠢᠷ᠎ᠠ ᠰᠡᠳᠭᠢᠯᠭᠡ ᠶᠢ ᠵᠤᠵᠠᠭᠠᠳᠬᠠᠵᠤ᠂ ᠳᠤᠮᠳᠠᠳᠤ ᠶᠢᠨ ᠰᠣᠶᠣᠯ ᠤᠨ ᠬᠦᠭᠵᠢᠯᠳᠠ ᠶᠢ ᠠᠬᠢᠭᠤᠯᠤᠨ᠎ᠠ᠃ ᠡᠳᠦᠭᠡ᠂ ᠤᠯᠠᠨ ᠲᠦᠮᠡᠨ ᠤ ᠨᠠᠶᠢᠷᠠᠭᠤᠯᠤᠬᠰᠠᠨ᠂ ᠤᠯᠠᠨ ᠲᠦᠮᠡᠨ ᠤ ᠲᠣᠭᠯᠠᠬᠰᠠᠨ᠂ ᠤᠯᠠᠨ ᠲᠦᠮᠡᠨ ᠰᠤᠨᠢᠷᠬᠠᠵᠦ ᠪᠠᠶᠢᠭ᠎ᠠ ︽ᠬᠦᠰᠡᠯ ᠵᠡᠭᠦᠳᠦ ᠪᠠᠨ ᠲᠡᠷᠭᠡᠯᠰᠢᠭᠦᠯᠬᠦ · ᠮᠠᠨ ᠤ ᠲᠠᠪᠴᠠᠩ︾ ᠨᠢ ᠤᠯᠠᠨ ᠲᠦᠮᠡᠨ ᠢ ᠭᠤᠣᠯ ᠲᠣᠭᠯᠠᠭᠴᠢ ᠪᠣᠯᠭᠠᠵᠤ᠂ 3400 ᠭᠠᠷᠤᠢ ᠲᠠᠯᠠᠪᠠᠢ ᠮᠠᠯᠴᠢᠨ ᠲᠠᠷᠢᠶᠠᠴᠢᠨ ᠤ ᠤᠳᠬ᠎ᠠ ᠤᠷᠠᠯᠢᠭ ᠤᠨ ᠠᠵᠢᠯᠯᠠᠭ᠎ᠠ ᠨᠢ ᠨᠠᠮ ᠤᠨ ᠰᠢᠨ᠎ᠡ ᠶᠢ ᠡᠭᠦᠳᠬᠦ ᠤᠨᠤᠯ ᠪᠤᠯᠤᠨ ᠳᠤᠮᠳᠠᠳᠤ ᠶᠢᠨ ᠰᠣᠶᠣᠯ ᠢ ᠰᠤᠶᠤᠯ ᠤᠷᠠᠯᠢᠭ ᠤᠨ ᠲᠣᠭᠯᠠᠯᠲᠠ ᠳᠤ ᠠᠭᠤᠰᠬᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠣᠯᠤᠨ ᠤᠶᠤᠨ ᠤ ᠪᠣᠯᠪᠠᠰᠤᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠵᠡᠢ᠃     ᠤᠷᠴᠢᠮᠬᠠᠨ᠂ ᠬᠢᠩᠭᠠᠨ ᠠᠶᠢᠮᠠᠭ ᠤᠨ ᠤᠯᠠᠭᠠᠨᠬᠤᠳᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠠᠷ ᠬᠦᠷᠬᠦ ᠳᠤ᠂ ᠰᠤᠷᠤᠬᠴᠢᠳ ᠤᠨ ᠨᠡᠶᠢᠲᠡᠯᠢᠭ ᠬᠡᠯᠡᠨ ᠤ ᠤᠷᠠᠨ ᠤᠡᠭᠰᠢᠯᠭ᠎ᠠ ᠶᠢᠨ ᠳᠠᠭᠤᠨ ᠰᠤᠷᠭᠠᠭᠤᠯᠢ ᠶᠢᠨ ᠬᠦᠷᠢᠶ᠎ᠠ ᠪᠠᠷ ᠴᠤᠤᠷᠢᠶᠠᠲᠤᠨ᠎ᠠ᠃ 2020 ᠣᠨ ᠠᠴᠠ ᠡᠬᠢᠯᠡᠨ᠂ ᠬᠢᠩᠭᠠᠨ ᠠᠶᠢᠮᠠᠭ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠬᠡᠷᠡᠭᠵᠢᠭᠦᠯᠬᠦ ᠶᠢᠨ ᠬᠠᠮᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢ ᠬᠡᠷᠡᠭᠯᠡᠵᠠᠢ᠃ ᠣᠳᠣᠬᠠᠨ ᠳᠤ᠂ ᠪᠥᠬᠦ ᠠᠶᠢᠮᠠᠭ ᠤᠨ ᠤᠤᠯ ᠳᠠᠭᠠᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭᠰᠠᠨ 73 ᠳᠤᠮᠳᠠᠳᠤ ᠪᠠᠭ᠎ᠠ ᠰᠤᠷᠭᠠᠭᠤᠯᠢ ᠳᠤ ᠴᠥᠮ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ ᠤᠤᠯ ᠳᠠᠭᠠᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭᠰᠠᠨ 46 ᠬᠡᠤᠬᠡᠳ ᠤᠨ ᠴᠡᠴᠡᠷᠯᠢᠭ ᠲᠤ ᠴᠥᠮ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠢ ᠲᠦᠭᠡᠮᠡᠯᠵᠢᠬᠦᠯᠦᠭᠰᠡᠨ ᠪᠠᠶᠢᠨ᠎ᠠ᠃ ᠬᠢᠩᠭᠠᠨ ᠠᠶᠢᠮᠠᠭ ᠤᠨ ᠦᠭᠡ ᠬᠡᠯᠡ ᠥᠰᠥᠭ ᠪᠢᠴᠢᠭ ᠤᠨ ᠬᠡᠷᠡᠭᠯᠡᠭᠡ ᠬᠢᠭᠡᠳ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ ᠦᠨᠡᠯᠡᠨ ᠵᠢᠱᠢᠬᠦ ᠲᠥᠪ ᠨᠢ ᠰᠤᠷᠭᠠᠨ ᠬᠥᠮᠦᠵᠢᠯ ᠤᠨ ᠶᠠᠮᠤᠨ ᠂ ᠤᠯᠤᠰ ᠤᠨ ᠦᠭᠡ ᠬᠡᠯᠡ ᠥᠰᠥᠭ ᠪᠢᠴᠢᠭ ᠤᠨ ᠠᠵᠢᠯ ᠤᠨ ᠵᠥᠪᠯᠡᠯ ᠠᠴᠠ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠦᠭᠰᠡᠨ ᠲᠡᠷᠢᠭᠦᠨ ᠤ ᠬᠠᠮᠲᠤ ᠨᠡᠶᠢᠳᠡ︾ ᠪᠠᠷ ᠦᠨᠡᠯᠡᠭᠳᠡᠪᠡ᠃
    ᠡᠭᠦᠨ ᠠᠴᠠ ᠭᠠᠳᠠᠨ᠎ᠠ᠂ ᠬᠢᠩᠭᠠᠨ ᠠᠶᠢᠮᠠᠭ ᠦᠨᠳᠦᠰᠦᠲᠡᠨ ᠤ ᠠᠵᠢᠯ ᠤᠨ ᠠᠭᠤᠯᠬᠤᠨ ᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠲᠠᠰ ᠳᠡᠪᠰᠢᠬᠦ︾ ᠶᠢ ᠪᠡᠶᠡᠯᠡᠬᠦᠯᠵᠠᠢ᠃ ︽ᠵᠠᠭᠤ ᠮᠢᠩᠭ᠎ᠠ ᠲᠦᠮᠡ ᠶᠢᠨ ᠦᠯᠢᠭᠡᠷ ᠵᠢᠱᠢᠶ᠎ᠡ ᠪᠠᠷ ᠬᠥᠲᠥᠯᠦᠨ ᠳᠠᠭᠠᠭᠤᠯᠬᠤ︾ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠪᠥᠬᠦ ᠤᠯᠤᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠠᠶᠢᠮᠠᠭ ᠢ ᠴᠣᠭᠴᠠᠯᠠᠨ ᠪᠠᠶᠢᠭᠤᠯᠬᠤ ᠠᠵᠢᠯ ᠢ ᠤᠷᠢᠳᠠᠪᠠᠷ ᠡᠬᠢᠯᠡᠭᠦᠯᠵᠦ᠂ ︽1+8︾ ᠶᠢᠨ ᠠᠵᠢᠯ ᠤᠨ ᠪᠠᠷᠢᠮᠵᠢᠶ᠎ᠠ᠂ ᠪᠠᠷᠢᠮᠵᠢᠶ᠎ᠠ ᠳᠤ ᠬᠦᠷᠭᠡᠬᠦ ᠠᠷᠭ᠎ᠠ ᠬᠡᠮᠵᠢᠶ᠎ᠡ ᠪᠠ ᠰᠢᠯᠭᠠᠨ ᠲᠣᠭᠲᠠᠭᠠᠬᠤ ᠭᠦᠢᠴᠡᠳᠭᠡᠯ ᠲᠤᠭ᠎ᠠ ᠶᠢᠨ ᠰᠢᠰᠲ᠋ᠧᠮ ᠢ ᠲᠣᠭᠲᠠᠭᠠᠵᠤ᠂ ᠪᠠᠶᠢᠭᠤᠯᠭ᠎ᠠ᠂ ᠰᠤᠷᠭᠠᠭᠤᠯᠢ᠂ ᠭᠠᠴᠠᠭ᠎ᠠ ᠲᠣᠰᠬᠤᠨ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠭᠠᠵᠠᠷ ᠵᠡᠷᠭᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ︽ᠨᠠᠢᠮᠠ ᠳᠤ ᠣᠷᠣᠭᠤᠯᠬᠤ︾ ᠠᠵᠢᠯ ᠢ ᠠᠬᠢᠭᠤᠯᠤᠬᠰᠠᠨ ᠪᠠᠶᠢᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠳᠡ ᠪᠣᠯᠤᠨ ᠵᠢᠱᠢᠶᠡᠴᠢ ᠬᠤᠪᠢ ᠬᠥᠮᠦᠨ ᠢ ᠰᠢᠯᠭᠠᠷᠠᠭᠤᠯᠵᠦ᠂ ᠤᠷᠢᠳ ᠬᠤᠵᠢᠳ 156 ᠬᠠᠮᠲᠤ ᠨᠡᠶᠢᠳᠡ ᠪᠣᠯᠤᠨ 208 ᠬᠤᠪᠢ ᠬᠥᠮᠦᠨ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠥᠬᠢᠭᠦᠯᠦᠯ ᠰᠠᠶᠢᠰᠢᠶᠠᠯ ᠢ ᠭᠥᠷᠳᠡᠭᠡᠪᠡ᠃     ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠬᠢᠩᠭᠠᠨ ᠠᠶᠢᠮᠠᠭ ᠤᠨ 141 ᠲᠦᠮᠡᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠪᠦᠯᠬᠦᠮᠳᠡᠨ ᠲᠡᠮᠡᠴᠡᠭᠰᠡᠨ ᠵᠣᠯ ᠵᠢᠷᠭᠠᠯᠲᠤ ᠬᠠᠭᠤᠳᠠᠰᠤ ᠶᠢ ᠪᠢᠴᠢᠭᠯᠡᠪᠡ︔ ᠢᠷᠡᠭᠡᠳᠦᠢ ᠪᠠᠨ ᠪᠠᠷᠠᠯᠠᠬᠤᠶ᠎ᠠ᠂ ᠬᠢᠩᠭᠠᠨ ᠠᠶᠢᠮᠠᠭ ᠨᠡᠩ ᠡᠷᠡᠰ ᠪᠠᠲᠤ ᠠᠯᠬᠤᠴᠠ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠵᠢᠱᠢᠶᠡᠴᠢ ᠠᠶᠢᠮᠠᠭ ᠢ ᠪᠦᠬᠦ ᠲᠠᠯ᠎ᠠ ᠪᠠᠷ ᠪᠠᠶᠢᠭᠤᠯᠤᠨ ᠪᠠᠬᠢᠵᠢᠭᠦᠯᠬᠦ ᠬᠠᠷᠠᠯᠲᠠ ᠲᠡᠶᠢᠰᠢ ᠤᠷᠤᠭᠰᠢᠯᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠬᠦᠨ᠎ᠠ᠃                                                       · ᡁᠢ ᠮᠢᠨ   ᠸᠠᠩ ᠶᠤᠸᠠᠢ ·
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号