ᠢᠦᠢ ᠵᠢᠢ ᠱᠦᠨ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠᠷ ᠰᠢᠨᠵᠢᠯᠡᠨ ᠪᠠᠶᠢᠴᠠᠭᠠᠵᠠᠢ
ᠨᠡᠶᠢᠲᠡᠯᠡᠭᠰᠡᠨ ᠴᠠᠭ᠄
2024/7/26
    7 ᠰᠠᠷ᠎ᠠ ᠶᠢᠨ 22 ᠤᠨ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠥᠷᠥᠯ ᠵᠦᠢᠯ ᠪᠠ ᠰᠢᠨᠵᠢᠯᠡᠭᠡᠨ ᠤ ᠰᠠᠯᠠᠭ᠎ᠠ ᠶᠢᠨ ᠪᠦᠳᠦᠬᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠢ ᠰᠢᠨᠵᠢᠯᠡᠨ ᠪᠠᠶᠢᠴᠠᠭᠠᠵᠠᠢ᠃     ᠢᠦᠢ ᠵᠢᠢ ᠱᠦᠨ ᠬᠡᠯᠡᠭᠰᠡᠨ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠠᠷᠢᠯᠭ᠎ᠠ ᠶᠢᠨ ᠨᠢᠭᠡᠴᠢ ᠶᠢᠨ ᠬᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠪᠦᠳᠦᠬᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠪᠠᠷᠢᠯᠭ᠎ᠠ ᠶᠢᠨ ᠠᠵᠢᠯᠳᠠᠨ᠂ ᠮᠠᠲ᠋ᠧᠷᠢᠶᠠᠯ᠂ ᠮᠠᠰᠢᠨ ᠮᠧᠬᠠᠨᠢᠭ ᠵᠡᠷᠭᠡ ᠲᠠᠯ᠎ᠠ ᠶᠢᠨ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ ᠶᠠᠰᠤ ᠴᠢᠨᠠᠷ ᠪᠣᠯᠤᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠵᠦ᠂ ᠡᠷᠳᠡ ᠡᠳᠦᠷ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠪᠡ᠃     ᠢᠦᠶ ᠵᠢᠶ ᠱᠦᠨ ᠴᠢᠬᠤᠯᠠᠴᠢᠯᠠᠭᠰᠠᠨ ᠨᠢ᠂ ᠳᠡᠭᠡᠳᠦ ᠰᠤᠷᠭᠠᠭᠤᠯᠢ ᠰᠤᠷᠭᠠᠭᠤᠯᠢ ᠡᠷᠭᠢᠯᠡᠬᠦ ᠪᠠᠶᠢᠷᠢ ᠲᠣᠭᠲᠠᠭᠠᠯᠲᠠ ᠪᠠ ᠲᠤᠰᠬᠠᠶ ᠮᠡᠷᠭᠡᠵᠢᠯ ᠤᠨ ᠣᠨᠴᠠᠯᠢᠭ ᠲᠠᠢ ᠪᠠᠨ ᠤᠶᠠᠯᠳᠤᠭᠤᠯᠵᠦ᠂ ᠠᠵᠢᠯ ᠮᠡᠷᠭᠡᠵᠢᠯ ᠤᠨ ᠵᠢᠩᠬᠢᠨᠢ ᠠᠩᠭᠢ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠠᠷᠭ᠎ᠠ ᠵᠠᠮ ᠢ ᠭᠦᠨᠵᠡᠭᠡᠶ ᠰᠤᠳᠤᠯᠵᠤ᠂ ᠣᠯᠠᠨ ᠠᠷᠭ᠎ᠠ ᠮᠠᠶ᠋ᠢᠭ᠂ ᠣᠯᠠᠨ ᠲᠠᠰ ᠳᠠᠪᠬᠤᠷᠭ᠎ᠠ ᠪᠠᠷ ᠰᠤᠷᠭᠠᠭᠤᠯᠢ ᠪᠠ ᠠᠵᠤ ᠠᠬᠤᠶᠢᠯᠠᠯ ᠤᠨ ᠬᠠᠮᠵᠢᠯᠴᠠᠨ ᠦᠢᠯᠡᠳᠦᠯᠭᠡᠵᠢᠭᠦᠯᠦᠭᠰᠡᠨ ᠴᠢᠳᠠᠪᠤᠷᠢᠲᠠᠨ ᠢ ᠬᠥᠮᠦᠵᠢᠭᠦᠯᠬᠦ ᠵᠠᠭᠪᠤᠷ ᠢ ᠢᠳᠡᠪᠬᠢᠲᠡᠶ ᠬᠠᠶᠢᠨ ᠰᠦᠪᠡᠭᠴᠢᠯᠡᠵᠦ᠂ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠬᠦᠮᠦᠵᠢᠭᠦᠯᠦᠨ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ ᠶᠢᠨ ᠬᠤᠭᠤᠷᠣᠨᠳᠣᠬᠢ ᠵᠣᠯᠭᠠᠯᠴᠠᠭ᠎ᠠ ᠶᠢ ᠠᠬᠢᠭᠤᠯᠬᠤ ᠬᠡᠷᠡᠭᠳᠡᠢ᠃ ᠲᠠᠪᠴᠠᠩ ᠤᠨ ᠪᠦᠳᠦᠬᠡᠨ ᠪᠠᠶᠢᠭᠤᠯᠤᠯᠲᠠ ᠶᠢᠨ ᠬᠢᠷᠢ ᠲᠦᠪᠰᠢᠨ ᠢᠶᠠᠨ ᠲᠠᠰᠤᠷᠠᠯᠳᠠ ᠦᠬᠡᠢ ᠬᠦᠴᠦᠯᠡᠨ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠲᠠᠰ ᠳᠠᠪᠬᠤᠷᠭ᠎ᠠ ᠪᠠᠨ ᠭᠦᠨᠵᠡᠭᠡᠶᠢᠷᠡᠭᠦᠯᠦᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠢ ᠬᠠᠮᠲᠤ ᠪᠠᠷ ᠪᠦᠳᠦᠬᠡᠨ ᠪᠠᠶᠢᠭᠤᠯᠬᠤ᠂ ᠪᠠᠭᠰᠢ ᠰᠣᠷᠣᠭᠴᠢ ᠶᠢ ᠬᠠᠷᠢᠯᠴᠠᠨ ᠲᠣᠮᠢᠯᠠᠵᠤ ᠰᠣᠯᠢᠯᠴᠠᠭ᠎ᠠ ᠬᠢᠬᠦ ᠵᠡᠷᠭᠡ ᠠᠷᠭ᠎ᠠ ᠪᠠᠷ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠣᠳᠠᠲᠤ ᠬᠦᠴᠦᠨ ᠪᠠ ᠬᠢᠴᠢᠶᠡᠯ ᠬᠥᠮᠦᠵᠢᠯ ᠤᠨ ᠵᠢᠭᠠᠨ ᠰᠤᠷᠭᠠᠯᠲᠠ ᠶᠢᠨ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠪᠦᠷᠢᠯᠳᠦᠬᠦᠯᠵᠦ᠂ ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠴᠢᠳᠠᠪᠤᠷᠢᠲᠠᠨ ᠤ ᠲᠤᠯᠭᠠᠭᠤᠷᠢᠯᠠᠯ ᠬᠠᠨᠭ᠍ᠭᠠᠬᠤ ᠬᠡᠷᠡᠭᠳᠡᠢ ᠭᠡᠵᠡᠢ᠃              ︵ᠵᠠᠩ ᠴᠢᠶᠠᠩ  ᠨᠢᠩᠵᠢᠨ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号