ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤ ᠰᠤᠳᠤᠯᠤᠨ ᠰᠤᠷᠤᠯᠴᠠᠵᠤ ᠬᠦᠰᠡᠯ ᠵᠡᠭᠦᠳᠦ ᠪᠠᠨ ᠲᠡᠷᠭᠡᠯᠰᠢᠬᠦᠯᠤᠨ᠎ᠠ
ᠨᠡᠶᠢᠲᠡᠯᠡᠭᠰᠡᠨ ᠴᠠᠭ᠄
2024/7/26
     ᠤᠶᠢᠷ᠎ᠠ ᠳᠤ᠂ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤ ᠬᠤᠪᠢᠰᠬᠠᠯᠳᠤ ᠠᠳᠤᠭᠤᠨ ᠪᠠᠯᠭᠠᠰᠤ — ︽ᠮᠣᠷᠢ︾ ᠶᠢᠨ ᠰᠣᠶᠣᠯ ᠤᠨ ᠭᠤᠣᠯ ᠰᠡᠳᠦᠪᠲᠦ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠵᠦ᠂ ᠰᠤᠷᠤᠭᠴᠢᠳ ᠤᠨ ᠰᠡᠳᠭᠢᠯ ᠳᠤ ᠬᠦᠰᠡᠯᠡᠩ ᠤᠨ ᠦᠷ᠎ᠡ ᠶᠢ ᠲᠠᠷᠢᠵᠤ᠂ ᠬᠥᠮᠦᠨ ᠤ ᠠᠮᠢᠳᠤᠷᠠᠯ ᠤᠨ ᠭᠡᠷᠡᠯ ᠭᠢᠯᠪᠠᠭ᠎ᠠ ᠪᠠᠨ ᠰᠠᠴᠤᠷᠠᠭᠤᠯᠬᠤ ᠬᠦᠰᠡᠯ ᠤᠨ ᠵᠢᠭᠦᠷ ᠢ ᠤᠷᠭᠤᠭᠤᠯᠵᠠᠢ᠃ ︽8 · 11︾ ᠤ ᠭᠡᠭᠡᠨᠰᠦ᠋ᠮ᠎ᠡ ᠶᠢᠨ ᠶᠠᠫᠣᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠶᠢᠨ ᠬᠠᠭᠤᠴᠢᠨ ᠪᠠᠭᠤᠷᠢ ᠶᠢᠨ ᠠᠭᠤᠳᠠᠮ ᠲᠠᠯᠠᠪᠠᠶ ᠳᠤ᠂ ᠲᠤᠰᠬᠠᠶ ᠮᠡᠷᠭᠡᠵᠢᠯ ᠤᠨ ᠲᠠᠶᠢᠯᠪᠤᠷᠢᠯᠠᠭᠴᠢ ᠠᠴᠠ ᠰᠤᠳᠤᠯᠤᠨ ᠰᠤᠷᠤᠯᠴᠠᠬᠤ ᠪᠦᠯᠬᠦᠮ ᠳᠤ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠥᠪᠥᠷ ᠮᠣᠩᠭᠤᠯ ᠤᠨ ᠮᠣᠷᠢᠲᠤ ᠴᠡᠷᠢᠭ ᠤᠨ ᠨᠢᠭᠡᠳᠦᠭᠡᠷ ᠳ᠋ᠢᠸᠢᠽᠢ ᠶᠢᠨ ᠪᠠᠶᠢᠭᠤᠯᠤᠭᠳᠠᠭᠰᠠᠨ ᠠᠬᠤᠢ ᠪᠠᠶᠢᠳᠠᠯ᠂ ᠠᠯᠤᠰ ᠬᠡᠲᠦ ᠶᠢᠨ ᠨᠥᠯᠥᠭᠡ ᠶᠢ ᠨᠠᠷᠢᠨ ᠲᠠᠶᠢᠯᠪᠤᠷᠢᠯᠠᠪᠠ᠃      ᠠᠵᠢᠯᠯᠠᠭ᠎ᠠ ᠶᠢᠨ ᠳᠤᠮᠳᠠ᠂ ᠰᠤᠳᠤᠯᠤᠨ ᠰᠤᠷᠤᠯᠴᠠᠬᠤ ᠪᠦᠯᠬᠦᠮ ᠪᠠᠰᠠ ᠭᠡᠭᠡᠨᠰᠦ᠋ᠮ᠎ᠡ ᠪᠠᠯᠭᠠᠰᠤᠨ ᠤ ᠨᠡᠷᠡᠳᠦ ᠠᠳᠤᠭᠤᠨ ᠤ ᠣᠷᠳᠣᠨ ᠢᠶᠠᠷ ᠬᠦᠷᠴᠦ᠂ ᠨᠡᠷᠡᠳᠦ ᠠᠳᠤᠭᠤ ᠶᠢ ᠰᠣᠨᠢᠷᠬᠠᠵᠤ᠂ ᠠᠳᠤᠭᠤᠨ ᠤ ᠲᠤᠬᠠᠢ ᠭᠤᠶᠢᠳᠠ ᠰᠠᠶᠢᠬᠠᠨ ᠦᠯᠢᠭᠡᠷ ᠢ ᠰᠣᠨᠣᠰᠤᠭᠰᠠᠨ ᠪᠥᠭᠡᠳ ᠭᠡᠭᠡᠨᠰᠦ᠋ᠮ᠎ᠡ ᠪᠠᠯᠭᠠᠰᠤᠨ ᠤ ᠬᠠᠷ᠎ᠠ ᠢᠮᠠᠭᠠᠳᠤ ᠭᠠᠴᠠᠭ᠎ᠠ ᠶᠢᠨ ᠵᠦᠪᠯᠡᠯ  ᠳᠤ᠂ ᠲᠤᠰ ᠤᠳᠠᠭᠠᠨ ᠤ ᠠᠵᠢᠯᠯᠠᠭ᠎ᠠ ᠶᠢᠨ ᠦᠵᠡᠵᠦ ᠰᠣᠨᠣᠰᠤᠭᠰᠠᠨ ᠲᠦᠷᠦᠭᠳᠡᠯ ᠢᠶᠠᠨ ᠠᠭᠤᠵᠢᠷᠠᠲᠠᠯ᠎ᠠ ᠶᠠᠷᠢᠯᠴᠠᠵᠤ ᠂  ᠬᠤᠪᠢᠰᠬᠠᠯᠳᠤ ᠰᠣᠶᠣᠯ ᠪᠣᠯᠤᠨ ᠠᠳᠤᠭᠤᠨ ᠰᠣᠶᠣᠯ ᠤᠨ ᠶᠡᠷᠦ ᠪᠤᠰᠤ ᠶᠢᠨ ᠷᠢᠳᠢ ᠰᠢᠳᠢ ᠶᠢ ᠭᠦᠨᠵᠡᠭᠡᠢ ᠣᠶᠢᠯᠠᠭᠠᠪᠠ᠃        ︽ᠡᠨᠡ ᠤᠳᠠᠭᠠᠨ ᠤ ᠰᠤᠳᠤᠯᠤᠨ ᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ᠂ ᠰᠤᠷᠤᠭᠴᠢᠳ ᠤᠨ ᠬᠤᠪᠢᠰᠬᠠᠯᠳᠤ ᠲᠡᠦᠬᠡ ᠪᠠ ᠠᠳᠤᠭᠤᠨ ᠰᠣᠶᠣᠯ ᠤᠨ ᠲᠤᠬᠠᠶ ᠲᠠᠨᠢᠯᠲᠠ ᠶᠢ ᠭᠦᠨᠵᠡᠭᠡᠶᠢᠷᠡᠭᠦᠯᠵᠦ᠂ ᠲᠡᠳᠡᠨ ᠳᠤ ᠤᠶᠢᠯᠡᠳᠤᠯᠭᠡ ᠶᠢᠨ ᠳᠤᠮᠳᠠ ᠲᠡᠤᠬᠡ ᠶᠢᠨ ᠬᠦᠴᠦᠨ ᠴᠢᠳᠠᠯ ᠪᠠ ᠠᠳᠤᠭᠤᠨ ᠰᠣᠶᠣᠯ ᠤᠨ ᠷᠢᠳᠢ ᠰᠢᠳᠢ ᠶᠢ ᠮᠡᠳᠡᠷᠡᠭᠦᠯᠬᠦ ᠶᠢᠨ ᠬᠠᠮᠲᠤ ᠮᠠᠨ ᠤ ᠬᠤᠪᠢᠰᠬᠠᠯᠲᠤ ᠠᠳᠤᠭᠤᠨ ᠪᠠᠯᠭᠠᠰᠤᠨ ᠤ ᠭᠡᠭᠡᠨᠰᠦ᠋ᠮ᠎ᠡ ᠶᠢᠨ ᠨᠡᠷ᠎ᠡ ᠠᠯᠳᠠᠷ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ︾ ᠭᠡᠵᠤ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ ᠵᠤᠤ ᠯᠢ ᠯᠢ ᠬᠡᠯᠡᠪᠡ᠃        
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号