ᠤᠯᠠᠭᠠᠨᠬᠤᠲᠠ ᠳᠤᠯᠠᠭᠠᠯᠠᠭ᠎ᠠ ᠶᠢᠨ ᠢᠨᠵᠧᠨᠧᠷᠢᠩ ᠢ ᠪᠥᠬᠦ ᠬᠦᠴᠦᠨ ᠢᠶᠠᠷ ᠢᠶᠠᠨ ᠲᠦᠷᠭᠡᠳᠭᠡᠵᠤ ᠪᠤᠢ
ᠨᠡᠶᠢᠲᠡᠯᠡᠭᠰᠡᠨ ᠴᠠᠭ᠄
2024/7/26
     ᠤᠯᠠᠭᠠᠨᠬᠤᠲᠠ ᠳᠤᠯᠠᠭᠠᠯᠠᠭ᠎ᠠ ᠶᠢᠨ ᠢᠨᠵᠧᠨᠧᠷᠢᠩ ᠢ ᠠᠷᠠᠳ ᠤᠨ ᠠᠮᠢᠳᠤᠷᠠᠯ ᠤᠨ ᠴᠢᠬᠤᠯᠠ ᠲᠥᠷᠥᠯ ᠵᠦᠢᠯ ᠪᠣᠯᠭᠠᠵᠤ᠂ ᠳᠤᠯᠠᠭᠠᠯᠠᠭ᠎ᠠ ᠬᠠᠩᠭᠠᠬᠤ ᠲᠥᠬᠦᠭᠡᠷᠦᠮᠵᠢ ᠶᠢ ᠲᠡᠭᠦᠯᠳᠡᠷᠵᠢᠭᠦᠯᠬᠦ ᠪᠠ ᠲᠦᠷᠭᠡᠳᠬᠡᠬᠦ ᠶᠢ ᠥᠨᠳᠥᠷ ᠪᠦᠲᠦᠮᠵᠢᠲᠡᠶ ᠪᠠᠷ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠠᠷᠠᠳ ᠤᠨ ᠠᠮᠢᠳᠤᠷᠠᠯ ᠢ ᠳᠡᠭᠡᠳᠦᠯᠡᠬᠦ︾ ᠣᠶᠢᠯᠠᠭᠠᠭᠳᠠᠬᠤᠨ ᠢ ᠲᠠᠶᠢᠯᠪᠤᠷᠢᠯᠠᠵᠠᠢ᠃     ᠤᠯᠠᠭᠠᠨᠬᠤᠲᠠ ᠶᠢᠨ ᠯᠢᠶᠠᠩ ᠬᠦᠩ ᠪᠠᠭ᠎ᠠ ᠲᠣᠭᠤᠷᠢᠭ ᠤᠨ ᠳᠤᠯᠠᠭᠠᠯᠠᠭ᠎ᠠ ᠶᠢᠨ ᠢᠨᠵᠧᠨᠧᠷᠢᠩ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠮᠠᠰᠢᠨ ᠬᠦᠷᠴᠢᠬᠢᠨᠠᠵᠤ᠂ ᠠᠵᠢᠯᠴᠢᠳ ᠪᠣᠬᠢᠷ ᠤᠰᠤᠨ ᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢ ᠪᠠᠴᠢᠮ ᠶᠠᠭᠠᠷᠠᠯᠳᠠᠢ ᠬᠢᠵᠡᠭᠡᠨ᠎ᠡ᠃ ᠰᠠᠭᠤᠭᠠᠯᠢ ᠠᠷᠠᠳ ᠰᠢᠤᠢ ᠶᠦᠩ ᠯᠢ ᠡᠨᠡᠬᠦ ᠪᠠᠶᠢᠳᠠᠯ ᠢ ᠦᠵᠡᠭᠡᠳ᠂ ᠥᠭᠡᠷᠡᠴᠢᠯᠡᠭᠰᠡᠨ ᠤ ᠳᠠᠷᠠᠭᠠᠬᠢ ᠪᠠᠭ᠎ᠠ ᠲᠣᠭᠤᠷᠢᠭ ᠲᠤ ᠪᠠᠶᠠᠷ ᠪᠠᠭ᠋ᠠᠳᠤᠯ ᠪᠠ ᠬᠦᠰᠡᠯ ᠡᠷᠡᠮᠡᠯᠵᠡᠯ   ᠢᠶᠠᠷ ᠪᠢᠯᠬᠠᠮ᠎ᠠ ᠪᠠᠶᠢᠯ᠎ᠠ᠃     ᠤᠯᠠᠭᠠᠨᠬᠤᠲᠠ ᠶᠢᠨ ᠯᠢᠶᠠᠩ ᠭᠦᠩ ᠪᠠᠭ᠎ᠠ ᠲᠣᠭᠤᠷᠢᠭ ᠤᠨ ᠶᠡᠷᠦᠩᠬᠡᠶ ᠪᠠᠷᠢᠯᠭ᠎ᠠ ᠶᠢᠨ ᠲᠠᠯᠠᠪᠠᠢ ᠨᠢ 4928 ᠲᠡᠭᠰᠢ ᠳᠥᠷᠪᠡᠯᠵᠢᠨ ᠮᠧᠲᠷ ᠪᠠᠶᠢᠵᠤ᠂ ᠨᠡᠶᠢᠲᠡ 3 ᠣᠷᠣᠨ ᠰᠠᠭᠤᠴᠠ ᠶᠢᠨ ᠠᠰᠠᠷ᠂ 85 ᠡᠷᠦᠬᠡ ᠰᠠᠭᠤᠭᠠᠯᠢ ᠠᠷᠠᠳ ᠲᠠᠢ᠃ ᠪᠠᠶᠢᠭᠤᠯᠤᠭᠰᠠᠨ ᠴᠠᠭ ᠨᠢ ᠨᠡᠯᠢᠶᠡᠳ ᠣᠷᠳᠣ᠂ ᠪᠣᠬᠢᠷ ᠤᠰᠤᠨ ᠤ ᠬᠤᠭᠤᠯᠠᠶ ᠦᠷᠬᠦᠯᠵᠢ ᠪᠦᠭᠯᠡᠷᠡᠨ᠎ᠡ ᠃ ᠲᠣᠰ ᠤᠳᠠᠭᠠᠨ ᠤ ︽ᠳᠤᠯᠠᠭᠠᠯᠠᠭ᠎ᠠ ᠶᠢᠨ ᠢᠨᠵᠧᠨᠧᠷᠢᠩ︾ ᠢ ᠬᠡᠷᠡᠭᠵᠢᠭᠦᠯᠦᠭᠰᠡᠨ ᠨᠢ ᠪᠠᠭ᠎ᠠ ᠲᠣᠭᠤᠷᠢᠭ ᠤᠨ ᠳᠣᠲᠣᠷᠠᠬᠢ ᠪᠣᠬᠢᠷ ᠤᠰᠤᠨ ᠤ ᠬᠤᠭᠤᠯᠠᠶ ᠶᠢᠨ ᠲᠣᠤᠷ ᠤᠨ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠬᠦ ᠪᠣᠯᠤᠨ᠎ᠠ ᠃       ᠤᠯᠠᠭᠠᠨᠬᠤᠲᠠ ᠶᠢᠨ ᠶᠤᠸᠠᠨ ᠳ᠋ᠢᠩ ᠪᠠᠭ᠎ᠠ ᠲᠣᠭᠤᠷᠢᠭ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠢ ᠳᠤ᠂ ᠪᠠᠭ᠎ᠠ ᠬᠡᠯᠪᠡᠷᠢ ᠶᠢᠨ ᠮᠠᠯᠳᠠᠭᠤᠷ ᠮᠠᠰᠢᠨ ᠨᠠᠰᠢ ᠴᠠᠰᠢ ᠰᠦᠯᠵᠢᠯᠳᠦᠵᠦ᠂ ᠶᠠᠭ ᠰᠠᠶ᠋ᠢᠬᠠᠨ ᠭᠠᠵᠠᠷ ᠳᠡᠭᠡᠷᠡᠬᠢ ᠬᠠᠷᠰᠢ ᠰᠠᠭᠠᠳ ᠢ ᠠᠷᠢᠯᠭᠠᠵᠤ  ᠪᠠᠶᠢᠯ᠎ᠠ᠂ ᠪᠠᠭ᠎ᠠ ᠲᠣᠭᠤᠷᠢᠭ ᠤᠨ ᠰᠠᠭᠤᠭᠠᠯᠢ ᠠᠷᠠᠳ ᠲᠤ ᠨᠠᠩ ᠲᠠᠭᠠᠯᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠠᠯᠢ ᠲᠦᠷᠭᠡᠨ ᠢᠶᠠᠷ ᠬᠦᠷᠲᠡᠭᠡᠬᠦ ᠶᠢᠨ ᠲᠥᠯᠥᠭᠡ᠂ ᠠᠵᠢᠯᠲᠠᠳ ᠪᠠᠴᠢᠮ ᠶᠠᠭᠠᠷᠠᠯᠲᠠᠶ ᠪᠥᠭᠡᠳ ᠡᠮᠬᠢ ᠵᠢᠷᠤᠮ ᠲᠠᠢ ᠠᠵᠢᠯᠯᠠᠨ᠎ᠠ᠃     ︽ᠣᠲᠣ ᠪᠣᠯᠲᠠᠯ᠎ᠠ᠂ ᠤᠯᠠᠭᠠᠨᠬᠤᠲᠠ ᠶᠢᠨ ᠠᠳᠠᠯ ᠠᠬᠤᠶ ᠶᠢᠨ ᠦᠢᠯᠡᠴᠢᠯᠡᠭᠡᠨ ᠤ ᠲᠥᠪ ᠤᠨ ᠬᠠᠷᠢᠭᠤᠴᠠᠵᠤ ᠪᠠᠶᠢᠭ᠎ᠠ ᠲᠥᠷᠥᠯ ᠵᠦᠢᠯ 20 ᠪᠠᠭ᠎ᠠ ᠲᠣᠭᠤᠷᠢᠭ ᠢ ᠶᠠᠭ ᠦᠭᠡᠷᠡᠴᠢᠯᠡᠨ ᠰᠢᠨᠡᠳᠭᠡᠵᠤ᠂ 17 ᠪᠠᠭ᠎ᠠ ᠲᠣᠭᠤᠷᠢᠭ ᠨᠢᠭᠡᠨᠲᠡ ᠪᠠᠷᠢᠯᠭ᠎ᠠ ᠶᠢᠨ  ᠶᠠᠪᠤᠴᠠ ᠪᠠᠨ ᠲᠦᠷᠭᠡᠳᠭᠡᠵᠤ᠂ ᠲᠥᠷᠥᠯ ᠵᠦᠢᠯ ᠤᠨ ᠠᠬᠢᠴᠠ ᠶᠢ ᠦᠷᠭᠦᠯᠵᠢᠯᠡᠨ ᠳᠠᠭᠠᠵᠤ ᠂ ᠪᠠᠷᠢᠯᠭ᠎ᠠ ᠶᠢ ᠴᠥᠮ ᠴᠢᠨᠠᠷ ᠰᠠᠶᠢᠲᠠᠶ᠂ ᠥᠨᠳᠥᠷ ᠦᠷ᠎ᠡ ᠪᠦᠲᠦᠮᠵᠢᠲᠡᠶ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠵᠤ ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠢᠯᠡᠳᠲᠡ ᠳᠡᠭᠡᠭᠰᠢᠯᠡᠭᠦᠯᠵᠤ ᠪᠠᠶᠢᠨ᠎ᠠ︾ ᠭᠡᠵᠤ ᠤᠯᠠᠭᠠᠨᠬᠤᠲᠠ ᠶᠢᠨ ᠠᠳᠠᠯ ᠠᠬᠤᠶ ᠶᠢᠨ ᠦᠢᠯᠡᠴᠢᠯᠡᠭᠡᠨ ᠤ ᠲᠥᠪ ᠤᠨ ᠢᠨᠵᠧᠨᠧᠷᠢᠩ ᠤᠨ ᠲᠠᠰᠤᠭ ᠤᠨ ᠠᠵᠢᠯᠲᠠᠨ ᠯᠢᠦᠶ ᠱᠤᠸᠠᠢ  ᠷᠦ᠋ ᠬᠡᠯᠡᠪᠡ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号