ᠵᠤᠨ ᠤ ᠠᠮᠠᠷᠠᠯᠲᠠ ᠶᠢᠨ ᠰᠠᠶᠢᠨ ᠲᠤᠷᠠᠴᠤᠤᠯ ᠤᠨ ᠠᠵᠢᠯᠯᠠᠭ᠎ᠠ ᠤᠯᠠᠭᠠᠨᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/7/26
  ᠬᠡᠦᠬᠡᠳ ᠤᠳ ᠢ ᠡᠯᠪᠡᠭ ᠪᠠᠶᠠᠯᠢᠭ᠂ ᠤᠳᠬ᠎ᠠ ᠠᠭᠤᠯᠭ᠎ᠠ ᠲᠠᠢ ᠵᠤᠨ ᠤ ᠠᠮᠠᠷᠠᠯᠲᠠ ᠶᠢ ᠥᠩᠭᠡᠷᠡᠭᠦᠯᠬᠦ ᠶᠢᠨ ᠲᠥᠯᠥᠭᠡ᠂ ᠤᠢᠢᠷ᠎ᠠ ᠳᠤ᠂ ᠤᠯᠠᠭᠠᠨᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠦ᠋ ᠢ ᠵᠡᠭᠡᠯᠢ ᠶᠢᠨ ᠬᠡᠷᠡᠭ ᠡᠷᠬᠢᠯᠡᠬᠦ ᠭᠠᠵᠠᠷ᠂ ᠤᠯᠠᠭᠠᠨᠬᠤᠲᠠ ᠶᠢᠨ ᠬᠤᠩ ᠴᠧᠩ ᠰᠠᠶᠢᠨ ᠲᠤᠷᠠᠴᠤᠤᠯ ᠤᠨ ᠨᠡᠶᠢᠭᠡᠮᠯᠢᠭ ᠬᠠᠮᠲᠤᠷᠠᠨ ᠪᠣᠯᠪᠠᠰᠤᠨ ᠤ ᠦᠢᠯᠡᠳᠦᠯᠭᠡ ᠶᠢᠨ ᠵᠣᠨ ᠤ ᠠᠮᠠᠷᠠᠯᠲᠠ ᠶᠢᠨ ᠰᠠᠶᠢᠨ ᠳᠤᠷ᠎ᠠ ᠶᠢᠨ ᠠᠵᠢᠯᠯᠠᠭ᠎ᠠ ᠶᠢ ᠭᠤᠤᠯᠯᠠᠨ ᠡᠷᠬᠢᠯᠡᠪᠡ᠃    ᠲᠠᠶᠢᠯᠪᠤᠷᠢᠯᠠᠭᠴᠢ ᠶᠢᠨ ᠳᠠᠭᠠᠭᠤᠯᠭ᠎ᠠ ᠳᠣᠣᠷ᠎ᠠ᠂ ᠰᠤᠷᠤᠭᠴᠢᠳ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠳᠤᠷᠠᠰᠬᠠᠯ ᠤᠨ ᠣᠷᠳᠣᠨ ᠢᠶᠠᠷ ᠬᠦᠷᠴᠦ᠂ ᠬᠤᠪᠢᠰᠬᠠᠯ ᠤᠨ ᠲᠤᠬᠠᠢ ᠰᠤᠳᠤᠯᠤᠨ ᠰᠤᠷᠤᠯᠴᠠᠬᠤ ᠠᠶᠠᠨ ᠢᠶᠠᠨ ᠡᠬᠢᠯᠡᠭᠦᠯᠪᠡ᠃ ᠳᠤᠷᠠᠰᠬᠠᠯ ᠤᠨ ᠣᠷᠳᠣᠨ ᠳᠤ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ ᠵᠢᠴᠢ ᠲᠤᠯᠭᠤᠷ ᠪᠢᠴᠢᠭ ᠮᠠᠲ᠋ᠧᠷᠢᠶᠠᠯ ᠢ ᠦᠵᠡᠬᠦ ᠪᠠᠷ ᠳᠠᠮᠵᠢᠭᠤᠯᠤᠨ᠂ ᠲᠠᠶᠢᠯᠪᠤᠷᠢᠯᠠᠭᠴᠢ ᠶᠢᠨ ᠲᠤᠬᠠᠢ ᠶᠢᠨ ᠲᠠᠯᠠᠪᠠᠢ ᠶᠢᠨ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷᠠᠬᠢ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠪᠣᠯᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠡᠷᠭᠢᠴᠡᠭᠦᠯᠵᠦ᠂ ᠠᠬᠠᠮᠠᠳ ᠬᠤᠪᠢᠰᠬᠠᠯᠴᠢᠳ ᠤᠨ ᠡᠷᠡᠰ ᠪᠠᠲᠤ ᠬᠦᠰᠡᠯᠡᠩ ᠢᠲᠡᠭᠡᠯ ᠪᠢᠰᠢᠷᠡᠯ ᠪᠣᠯᠤᠨ ᠦᠬᠦᠬᠦ ᠠᠴᠠ ᠠᠶᠤᠬᠤ  ᠦᠭᠡᠢ ᠬᠤᠪᠢᠰᠬᠠᠯᠲᠤ ᠵᠣᠷᠢᠭ ᠰᠠᠨᠠᠭ᠎ᠠ ᠶᠢ ᠣᠶᠢᠯᠠᠭᠠᠵᠠᠢ᠃       ︽ᠲᠤᠰ ᠤᠳᠠᠭᠠᠨ ᠤ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠳᠤ ᠣᠷᠣᠯᠴᠠᠬᠤ ᠪᠠᠷ ᠳᠠᠮᠵᠢᠭᠤᠯᠤᠨ᠂ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠥᠪᠡᠷ ᠢ ᠪᠠᠨ ᠦᠷᠡᠭᠳᠡᠭᠦᠯᠦᠨ ᠬᠤᠪᠢᠰᠬᠠᠯ ᠤᠨ ᠤᠷᠤᠭᠰᠢᠯᠠᠯᠲᠠ ᠶᠢᠨ ᠵᠠᠮ ᠢ ᠭᠡᠷᠡᠯᠳᠦᠬᠦᠯᠬᠦ ᠡᠷᠬᠢᠮ ᠳᠡᠭᠡᠳᠦ ᠵᠣᠷᠢᠭ ᠰᠠᠨᠠᠭ᠎ᠠ ᠶᠢ ᠰᠡᠷᠡᠵᠦ ᠮᠡᠳᠡᠭᠰᠡᠨ ᠪᠥᠭᠡᠳ ᠤᠳᠤ ᠶᠢᠨ ᠰᠠᠶᠢᠨ ᠰᠠᠶᠢᠬᠠᠨ ᠠᠮᠢᠳᠤᠷᠠᠯ ᠬᠢᠯᠪᠠᠷ ᠪᠤᠰᠤ ᠪᠠᠷ ᠢᠷᠡᠭᠰᠡᠨ ᠭᠡᠳᠡᠭ ᠢ ᠴᠤ ᠣᠶᠢᠯᠠᠭᠠᠪᠠ᠃ ᠰᠢᠨ᠎ᠡ ᠴᠠᠭ ᠦᠶ᠎ᠡ ᠶᠢᠨ ᠵᠠᠯᠠᠭᠤᠴᠤᠳ ᠪᠣᠯᠤᠭᠰᠠᠨ ᠤ ᠬᠤᠪᠢ ᠳᠤ᠂ ᠪᠢ ᠥᠪᠡᠷ ᠤᠨ ᠡᠷᠳᠡᠮ ᠮᠡᠳᠡᠯᠭᠡ ᠪᠠᠨ ᠲᠠᠰᠤᠷᠠᠯᠲᠠ ᠦᠭᠡᠢ ᠪᠠᠶᠠᠯᠢᠭᠵᠢᠭᠤᠯᠵᠤ᠂ ᠰᠠᠶᠢᠨ ᠳᠤᠷ᠎ᠠ ᠶᠢᠨ ᠠᠵᠢᠯᠯᠠᠭ᠎ᠠ ᠳᠤ ᠢᠯᠡᠭᠦᠬᠡᠨ ᠣᠷᠣᠯᠴᠠᠵᠤ᠂ ᠰᠠᠶᠢᠨ ᠰᠠᠶᠢᠬᠠᠨ ᠢᠷᠡᠭᠡᠳᠦᠶ ᠵᠦᠭ ᠡᠷᠡᠯᠬᠡᠭᠯᠡᠨ ᠤᠷᠤᠭᠰᠢᠯᠠᠪᠠᠯ ᠵᠣᠬᠢᠨ᠎ᠠ︾ ᠭᠡᠵᠦ ᠤᠯᠠᠭᠠᠨᠬᠤᠲᠠ ᠶᠢᠨ ᠬᠤᠸᠠ ᠵᠠᠨ ᠳᠤᠮᠳᠠᠳᠤ ᠰᠤᠷᠭᠠᠭᠤᠯᠢ ᠶᠢᠨ 23 ᠳ᠋ᠤᠭᠠᠷ ᠤᠨ ᠤ 02 ᠠᠩᠬᠢ ᠶᠢᠨ ᠰᠤᠷᠤᠭᠴᠢ ᠵᠠᠩ ᠶᠦᠩ ᠹᠡᠨ ᠬᠡᠯᠡᠪᠡ᠃
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号