ᠤᠯᠠᠭᠠᠨᠬᠤᠳᠠ ︽ᠲᠦᠷᠪᠡᠨ ᠰᠠᠶᠢᠨ ᠬᠦᠳᠡᠭᠡ ᠲᠤᠰᠬᠤᠨ ᠤ ᠵᠠᠮ︾ ᠢᠶᠠᠷ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠠᠶᠢᠭ᠎ᠠ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/7/3
    ᠤᠶᠢᠷ᠎ᠠ ᠶᠢᠨ ᠬᠡᠳᠦᠨ ᠵᠢᠯ᠂ ᠤᠯᠠᠭᠠᠨᠬᠤᠳᠠ ᠬᠦᠳᠡᠭᠡ ᠲᠤᠰᠬᠤᠨ ᠤ ᠵᠠᠰᠠᠮᠠᠯ ᠵᠠᠮ ᠤᠨ ᠪᠠᠶᠢᠭᠤᠯᠤᠯᠳᠠ ᠶᠢ ᠠᠷᠠᠳ ᠤᠨ ᠠᠮᠢᠳᠦᠷᠠᠯ ᠢ ᠪᠠᠳᠦᠯᠠᠬᠤ ᠪᠠ ᠰᠠᠶᠢᠵᠢᠷᠠᠭᠤᠯᠬᠤ ᠰᠠᠭᠤᠷᠢ ᠴᠢᠨᠠᠷᠳᠠᠢ ᠠᠵᠢᠯ ᠪᠤᠯᠭᠠᠨ ᠠᠳᠬᠤᠵᠦ᠂ ︽ᠲᠦᠷᠪᠡᠨ ᠰᠠᠶᠢᠨ ᠬᠦᠳᠡᠭᠡ ᠲᠤᠰᠬᠤᠨ ᠤ ᠵᠠᠮ︾ ᠤᠨ ᠪᠠᠶᠢᠭᠤᠯᠤᠯᠳᠠ ᠶᠢ ᠠᠬᠢᠭᠤᠯᠵᠦ᠂ ᠤᠯᠠᠨ ᠲᠦᠮᠡᠨ ᠤ ᠶᠠᠪᠤᠵᠦ ᠰᠠᠭᠤᠬᠤ ᠳᠤ ᠲᠦᠬᠦᠮ ᠦᠵᠡᠬᠦᠯᠦᠭᠰᠡᠨ ᠢᠶᠠᠷ ᠪᠠᠷᠠᠬᠤ ᠦᠬᠡᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠵᠠᠮ ᠬᠠᠷᠢᠯᠴᠠᠭᠠᠨ ᠤ ᠪᠠᠶᠢᠭᠤᠯᠤᠯᠳᠠ ᠪᠠᠷ ᠴᠢᠨᠠᠷ ᠰᠠᠶᠢᠳᠠᠢ ᠬᠦᠭᠵᠢᠯᠳᠡ ᠶᠢᠨ ᠰᠢᠨ᠎ᠠ ᠵᠠᠮ ᠢ ᠡᠷᠢᠯᠬᠢᠯᠡᠵᠦ ᠪᠠᠶᠢᠨ᠎ᠠ᠃     ᠲᠦᠬᠦᠮ ᠵᠠᠮ ᠬᠠᠷᠢᠯᠴᠠᠭ᠎ᠠ ᠨᠢ ᠤᠨᠴᠠᠯᠢᠬᠳᠤ ᠲᠠᠷᠢᠶᠠᠯᠠᠩ ᠤᠨ ᠦᠢᠯᠡᠰ ᠤᠨ ᠬᠦᠭᠵᠢᠯᠳᠡ ᠶᠢ ᠠᠬᠢᠭᠤᠯᠵᠦ᠂ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠵᠠᠢ᠃ ᠤᠯᠠᠭᠠᠨᠬᠤᠳᠠ ᠶᠢᠨ ᠰᠡᠷᠬᠡᠨ ᠤᠳᠤ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠤᠨ ᠰᠢᠶᠠᠩ ᠶᠠᠩ ᠲᠤᠰᠬᠤᠨ ᠤ ᠵᠠᠩ ᠶᠢᠨ ᠺᠦᠢ ᠡᠷ᠎ᠡ ᠡᠮ᠎ᠡ ᠬᠤᠶᠠᠭᠤᠯᠠ ᠢᠳᠡᠰᠢᠨ ᠨᠤᠭᠤᠭ᠎ᠠ ᠪᠠ ᠨᠤᠭᠤᠭ᠎ᠠ ᠶᠢᠨ ᠴᠢᠬᠢ ᠪᠠᠨ ᠵᠠᠰᠠᠵᠦ᠂ ᠬᠤᠳᠠ ᠶᠢᠨ ᠰᠦᠨᠢ ᠶᠢᠨ ᠵᠠᠬ᠎ᠠ ᠲᠡᠯᠬᠡᠬᠦᠷ ᠲᠡᠭᠡᠷ᠎ᠡ ᠠᠪᠠᠴᠢᠵᠦ ᠬᠤᠳᠠᠯᠳᠤᠬᠤ ᠪᠠᠷ ᠪᠡᠯᠡᠳᠬᠡᠵᠦ ᠪᠠᠶᠢᠯ᠎ᠠ᠃ ᠵᠠᠩ ᠶᠢᠨ ᠭᠦᠢ᠄ ︽ᠡᠨᠡᠬᠦ ᠵᠠᠮ ᠢ ᠲᠡᠪᠢᠰᠦᠭᠰᠡᠨ ᠠᠴᠠ ᠪᠢᠳᠡ ᠦᠷᠯᠦᠬᠡ ᠪᠠ ᠰᠦᠨᠢ ᠶᠢᠨ ᠵᠠᠬ᠎ᠠ ᠲᠡᠯᠬᠡᠬᠦᠷ ᠲᠤ ᠤᠴᠢᠬᠤ ᠳᠤ ᠲᠤᠩ ᠲᠦᠬᠦᠮ ᠪᠤᠯᠵᠠᠢ᠂ ᠬᠤᠷᠢᠭᠠᠳ ᠮᠢᠨᠦ᠋ᠲ ᠶᠠᠪᠤᠪᠠᠯ ᠬᠦᠷᠴᠢᠬᠡᠨ᠎ᠡ︾ ᠬᠡᠵᠦ ᠪᠠᠶᠠᠷᠳᠠᠶᠢᠬᠠᠨ ᠶᠠᠷᠢᠵᠦ ᠪᠠᠶᠢᠯ᠎ᠠ᠃     ᠵᠠᠩ ᠶᠢᠨ ᠺᠦᠢ ᠶᠢᠨ ᠶᠠᠷᠢᠵᠦ ᠪᠠᠶᠢᠭ᠎ᠠ ᠵᠢᠭᠤᠯᠴᠢᠯᠠᠯ ᠤᠨ ᠵᠠᠰᠠᠮᠠᠯ ᠵᠠᠮ ᠢ ᠨᠢᠳᠦᠨᠦᠨ ᠵᠠᠰᠠᠵᠦ ᠲᠠᠭᠤᠰᠤᠭᠠᠳ ᠲᠡᠷᠬᠡ ᠨᠡᠪᠳᠡᠷᠡᠵᠦ᠂ ᠪᠦᠬᠦ ᠤᠷᠳᠤ ᠨᠢ 25 ᠺᠢᠯᠤᠮᠧᠲᠷ ᠪᠠᠶᠢᠵᠦ᠂ ᠤᠯᠠᠭᠠᠨᠬᠤᠳᠠ ᠶᠢᠨ ᠲᠤᠭᠤᠷ ᠤᠨ ᠭᠤᠤᠯ ᠤᠯᠤᠰ ᠤᠨ ᠲᠡᠰ ᠤᠨ ᠨᠤᠭᠤ ᠭᠠᠵᠠᠷ ᠤᠨ ᠴᠡᠴᠡᠷᠯᠢᠭ ᠠᠴᠠ ᠰᠡᠷᠬᠡᠨ ᠤᠳᠤ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠬᠦᠷᠳᠡᠭ᠃ ᠵᠢᠭᠤᠯᠴᠢᠯᠠᠯ ᠤᠨ ᠵᠠᠰᠠᠮᠠᠯ ᠵᠠᠮ ᠨᠡᠪᠳᠡᠷᠡᠭᠰᠡᠨ ᠠᠴᠠ ᠤᠯᠠᠭᠠᠨᠬᠤᠳᠠ ᠶᠢᠨ ᠭᠤᠤᠯ ᠪᠤᠯᠬᠤ ᠦᠵᠡᠮᠵᠢ ᠶᠢᠨ ᠤᠷᠤᠨ ᠢᠶᠠᠷ ᠤᠴᠢᠬᠤ ᠤᠯᠠᠨ ᠵᠢᠭᠤᠯᠴᠢᠯᠠᠬᠰᠠᠳ ᠤᠨ ᠠᠩᠬᠠᠷᠦᠯ ᠢ ᠲᠠᠳᠠᠬᠰᠠᠨ ᠪᠠᠶᠢᠨ᠎ᠠ᠃     ᠤᠯᠠᠭᠠᠨᠬᠤᠳᠠ ᠠᠴᠠ ᠰᠡᠷᠬᠡᠨ ᠤᠳᠤ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠬᠦᠷᠬᠦ ᠵᠢᠭᠤᠯᠴᠢᠯᠠᠯ ᠤᠨ ᠵᠠᠰᠠᠮᠠᠯ ᠵᠠᠮ ᠪᠤᠯ ᠤᠶᠢᠷ᠎ᠠ ᠶᠢᠨ ᠵᠢᠯ ᠤᠯᠠᠭᠠᠨᠬᠤᠳᠠ ᠶᠢᠨ ︽ᠲᠦᠷᠪᠡᠨ ᠰᠠᠶᠢᠨ ᠬᠦᠳᠡᠭᠡ ᠲᠤᠰᠬᠤᠨ ᠤ ᠵᠠᠮ︾ ᠤᠨ ᠪᠠᠶᠢᠭᠤᠯᠤᠯᠳᠠ ᠶᠢᠨ ᠨᠢᠬᠡᠨ ᠬᠤᠷᠢᠶᠠᠩᠭᠤᠢ ᠲᠦᠷᠢ ᠮᠦᠨ᠃ ᠤᠯᠠᠭᠠᠨᠬᠤᠳᠠ ᠤᠳᠤ 1029.067 ᠺᠢᠯᠤᠮᠧᠲᠷ ᠤᠷᠳᠤ ᠬᠦᠳᠡᠭᠡ ᠲᠤᠰᠬᠤᠨ ᠤ ᠵᠠᠰᠠᠮᠠᠯ ᠵᠠᠮ ᠲᠠᠢ᠂ ᠡᠬᠦᠨ ᠳᠤ ᠰᠢᠶᠠᠨ ᠤ ᠵᠠᠮ 151.642 ᠺᠢᠯᠤᠮᠧᠲᠷ᠂ ᠰᠢᠶᠠᠩ ᠤᠨ ᠵᠠᠮ 129.323 ᠺᠢᠯᠤᠮᠧᠲᠷ᠂ ᠲᠤᠰᠬᠤᠨ ᠤ ᠵᠠᠮ 745.202 ᠺᠢᠯᠤᠮᠧᠲᠷ᠂ ᠲᠤᠰᠬᠠᠢ ᠬᠡᠷᠡᠭᠯᠡᠬᠡᠨ ᠤ ᠵᠠᠰᠠᠮᠠᠯ ᠵᠠᠮ 2.9 ᠺᠢᠯᠤᠮᠧᠲᠷ ᠤᠷᠳᠤ ᠪᠠᠶᠢᠳᠠᠭ᠃ ᠵᠤᠷᠪᠤᠰ ᠵᠤᠷᠪᠤᠰ ᠵᠠᠰᠠᠮᠠᠯ ᠵᠠᠮ ᠨᠢ ᠬᠤᠳᠠ ᠬᠦᠳᠡᠭᠡ ᠶᠢᠨ ᠠᠷᠠᠳ ᠲᠤ ᠲᠦᠬᠦᠮ ᠦᠵᠡᠬᠦᠯᠵᠦ᠂ ᠵᠢᠭᠤᠯᠴᠢᠯᠠᠯ ᠤᠨ ᠦᠢᠯᠡᠰ ᠤᠨ ᠬᠦᠭᠵᠢᠯᠳᠠ ᠶᠢ ᠠᠬᠢᠭᠤᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ᠃                         ︵ᠰᠡᠷᠬᠦᠯᠡᠩ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号