| ︵ᠰᠤᠷᠪᠤᠯᠵᠢᠯᠠᠭᠴᠢ ᠴᠤᠯᠮᠤᠨ︶ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠨᠠᠮ ᠤᠨ | ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ | ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠠᠶᠢᠮᠠᠭ ᠤᠨ ᠰᠤᠨᠢᠨ ᠮᠡᠳᠡᠭᠡᠨ ᠤ ᠠᠵᠢᠯᠳᠠᠨ ᠤ ︽ᠬᠤᠶᠠᠷ ᠢ | ᠲᠤᠭᠳᠠᠭᠠᠬᠤ︾ ᠶᠢ ᠬᠦᠷᠢᠶᠡᠯᠡᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠤᠨ᠂ ᠨᠠᠮ ᠪᠠ ᠤᠯᠠᠨ ᠲᠦᠮᠡᠨ ᠤ | ᠲᠤᠰᠢᠶᠠᠭᠰᠠᠨ ᠡᠬᠦᠷᠭᠡ ᠬᠠᠷᠢᠭᠤᠴᠠᠯᠭ᠎ᠠ ᠶᠢ ᠨᠡᠩ ᠰᠠᠶᠢᠳᠤᠷ ᠬᠦᠢᠴᠡᠳᠭᠡᠵᠦ᠂ ᠰᠤᠨᠢᠨ ᠮᠡᠳᠡᠭᠡᠨ ᠤ ᠶᠠᠷᠢᠶ᠎ᠠ | ᠬᠡᠯᠡᠯᠴᠡᠭᠡᠨ ᠤ ᠠᠵᠢᠯ ᠢ ᠰᠠᠶᠢᠳᠤᠷ ᠬᠢᠬᠦ ᠪᠠᠷ᠂ 7 ᠰᠠᠷ᠎ᠠ ᠶᠢᠨ 29 ᠤ ᠡᠳᠤᠷ᠂ ᠬᠢᠩᠭᠠᠨ ᠠᠶᠢᠮᠠᠭ ᠤᠨ ᠨᠠᠮ ᠤᠨ | ᠬᠤᠷᠢᠶᠠᠨ ᠤ ᠤᠬᠠᠭᠤᠯᠬᠤ ᠬᠡᠯᠳᠡᠰ᠂ ᠬᠢᠩᠭᠠᠨ ᠠᠶᠢᠮᠠᠭ ᠤᠨ ᠰᠤᠨᠢᠨ ᠮᠡᠳᠡᠭᠡᠨ ᠤ ᠠᠵᠢᠯᠳᠠᠨ ᠤ ᠨᠡᠶᠢᠭᠡᠮᠯᠢᠭ ᠠᠴᠠ | ᠭᠤᠤᠯᠯᠠᠨ ᠡᠷᠬᠢᠯᠡᠭᠰᠡᠨ ᠬᠢᠩᠭᠠᠨ ᠠᠶᠢᠮᠠᠭ ᠤᠨ ᠠᠷᠪᠠᠨ ᠨᠢᠭᠡᠳᠤᠭᠡᠷ ᠬᠤᠭᠤᠴᠠᠭᠠᠨ ᠤ ︽ᠰᠤᠳᠤᠨ ᠰᠤᠷᠪᠤᠯᠵᠢᠯᠠᠭᠴᠢ | ᠰᠤᠩᠭᠤᠳᠠᠭ ᠦᠯᠢᠭᠡᠷ ᠶᠠᠷᠢᠬᠤ︾ ᠶᠠᠷᠢᠶ᠎ᠠ ᠢᠯᠡᠳᠭᠡᠯ ᠤᠨ ᠤᠷᠤᠯᠳᠤᠭᠠᠨ ᠠᠶᠢᠮᠠᠭ ᠤᠨ ᠰᠤᠶᠤᠯ ᠤᠨ ᠲᠦᠪ ᠲᠤ | ᠠᠰᠢᠳᠠᠢ ᠰᠠᠶᠢᠬᠠᠨ ᠶᠠᠪᠤᠭᠳᠠᠪᠠ᠃ | ᠳᠤᠰ ᠤᠷᠤᠯᠳᠤᠭᠠᠨ ᠳᠤ ᠪᠦᠬᠦ ᠠᠶᠢᠮᠠᠭ ᠤᠨ ᠡᠯ᠎ᠠ ᠬᠤᠰᠢᠭᠤ ᠰᠢᠶᠠᠨ ᠬᠤᠳᠠ ᠶᠢᠨ 12 ᠨᠡᠷᠡᠰ | ᠰᠤᠷᠪᠤᠯᠵᠢᠯᠠᠭᠴᠢ ᠤᠷᠤᠯᠴᠠᠵᠤ᠂ ᠤᠢ ᠰᠢᠭᠤᠢ ᠶᠢ ᠬᠠᠮᠠᠭᠠᠯᠠᠬᠤ᠂ ᠡᠯᠡᠰᠤᠷᠬᠡᠭᠵᠢᠯ ᠢ ᠰᠡᠷᠭᠡᠶᠢᠯᠡᠨ ᠡᠯᠡᠰᠤ ᠶᠢ ᠵᠠᠰᠠᠬᠤ | ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠥᠭ ᠪᠢᠴᠢᠭ ᠢ ᠰᠤᠷᠤᠯᠴᠠᠨ ᠲᠤᠭᠤᠰᠢᠯᠠᠭᠤᠯᠬᠤ᠂ | ᠲᠤᠯᠠᠭᠠᠯᠠᠭ᠎ᠠ ᠶᠢᠨ ᠢᠨᠵᠧᠨᠧᠷᠢᠩ ᠢ ᠬᠡᠷᠡᠭᠵᠢᠬᠦᠯᠬᠦ ᠵᠡᠷᠭᠡ ᠶᠢ ᠰᠤᠷᠪᠤᠯᠵᠢᠯᠠᠵᠦ ᠮᠡᠳᠡᠭᠡᠯᠡᠬᠦ ᠶᠠᠪᠤᠴᠠ ᠳᠤ | ᠲᠤᠬᠢᠶᠠᠯᠳᠤᠭᠰᠠᠨ ᠬᠦᠮᠦᠰ ᠤᠨ ᠰᠡᠳᠬᠢᠯ ᠢ ᠬᠦᠳᠡᠯᠭᠡᠮ᠎ᠠ ᠦᠯᠢᠭᠡᠷ ᠢ ᠤᠷᠤᠰᠤᠮ᠎ᠠ ᠰᠠᠶᠢᠬᠠᠨ ᠬᠡᠯᠡ ᠬᠡᠯᠡᠯᠭᠡ᠂ | ᠤᠷᠬᠢᠯᠤᠮ᠎ᠠ ᠬᠠᠯᠠᠭᠤᠨ ᠰᠡᠳᠬᠢᠯᠭᠡ ᠪᠠᠷ ᠶᠠᠷᠢᠵᠤ᠂ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠬᠦᠷᠳᠡᠯ᠎ᠠ᠃ | ᠤᠷᠤᠯᠳᠤᠭᠠᠨ ᠤ ᠡᠴᠤᠰ ᠤᠨ ᠰᠢᠯᠭᠠᠷᠠᠭᠤᠯᠤᠯᠳᠠ ᠪᠠᠷ 2 ᠨᠡᠷᠡᠰ ᠤᠷᠤᠯᠳᠤᠭᠴᠢ ᠶᠢ ᠪᠦᠬᠦ ᠤᠷᠤᠨ ᠤ ︽ᠰᠤᠳᠤᠨ | ᠰᠤᠷᠪᠤᠯᠵᠢᠯᠠᠭᠴᠢ ᠰᠤᠩᠭᠤᠳᠠᠭ ᠦᠯᠢᠭᠡᠷ ᠶᠠᠷᠢᠬᠤ︾ ᠶᠠᠷᠢᠶ᠎ᠠ ᠢᠯᠡᠳᠭᠡᠯ ᠤᠨ ᠤᠷᠤᠯᠳᠤᠭᠠᠨ ᠳᠤ | ᠤᠷᠤᠯᠴᠠᠭᠤᠯᠬᠤ ᠪᠠᠷ ᠪᠤᠯᠪᠠ᠃ | ᠤᠶᠢᠷ᠎ᠠ ᠶᠢᠨ ᠵᠢᠯ ᠠᠴᠠ ᠨᠠᠭᠠᠰᠢ᠂ ᠪᠦᠬᠦ ᠠᠶᠢᠮᠠᠭ ᠤᠨ ᠰᠤᠨᠢᠨ ᠮᠡᠳᠡᠭᠡᠨ ᠤ ᠠᠵᠢᠯᠳᠠᠨ ᠢᠮᠠᠭᠳᠠ ᠤᠭ | ᠰᠠᠨᠠᠭ᠎ᠠ ᠪᠠᠨ ᠦᠯᠤ ᠮᠠᠷᠳᠠᠨ᠂ ᠦᠨᠳᠤᠰᠤᠨ ᠱᠠᠳᠤᠨ ᠳᠤ ᠬᠦᠨᠵᠡᠭᠡᠶᠢᠷᠡᠵᠤ᠂ ᠠᠶᠢᠮᠠᠭ ᠤᠨ ᠪᠤᠳᠠᠳᠠᠢ ᠪᠠᠶᠢᠳᠠᠯ ᠳᠤ | ᠰᠠᠭᠤᠷᠢᠯᠠᠨ᠂ ᠬᠢᠩᠭᠠᠨ ᠤ ᠦᠯᠢᠭᠡᠷ ᠢ ᠰᠠᠶᠢᠳᠤᠷ ᠶᠠᠷᠢᠵᠤ᠂ ᠬᠢᠩᠭᠠᠨ ᠤ ᠤᠬᠢ ᠰᠠᠶᠢᠨ ᠲᠦᠷᠢ ᠲᠦᠷᠬᠦ ᠶᠢ | ᠢᠯᠡᠷᠡᠬᠦᠯᠤᠨ᠂ ᠪᠦᠬᠦ ᠠᠶᠢᠮᠠᠭ ᠤᠨ ᠡᠯ᠎ᠠ ᠦᠨᠳᠤᠰᠤᠳᠡᠨ ᠤ ᠤᠯᠠᠨ ᠲᠦᠮᠡᠨ ᠢ ᠪᠦᠯᠬᠦᠮᠳᠡᠬᠦᠯᠦᠨ ᠨᠢᠭᠳᠠᠷᠠᠭᠤᠯᠵᠦ᠂ | ᠬᠠᠮᠳᠤᠪᠠᠷ ᠴᠡᠴᠡᠭᠯᠡᠨ ᠬᠦᠭᠵᠢᠬᠦ ᠶᠢ ᠠᠬᠢᠭᠤᠯᠵᠠᠢ᠃ |