ᠤᠯᠠᠭᠠᠨᠬᠤᠳᠠ ᠪᠣᠯᠣᠳ ᠲᠡᠮᠦᠷ ᠤᠨ ᠺᠤᠮᠫᠠᠨᠢ ᠥᠪᠥᠷ ᠮᠣᠩᠭᠤᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 100 ᠬᠦᠴᠦᠷᠭᠡᠭ ᠢᠶᠠᠷ 5 ᠵᠢᠯ ᠳᠠᠷᠠᠭᠠᠯᠠᠨ ᠵᠢᠭᠰᠠᠭᠠᠭᠳᠠᠭᠰᠠᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/7/4
    ᠣᠶᠢᠷ᠎ᠠ ᠳᠤ᠂ ᠥᠪᠥᠷ ᠮᠣᠩᠭᠤᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 100 ᠬᠦᠴᠦᠷᠬᠡᠭ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠭᠰᠡᠨ ᠪᠠᠶᠢᠨ᠎ᠠ᠃ ᠬᠤᠷᠠᠯ ᠲᠡᠭᠡᠷ᠎ᠠ᠂ ︽ᠡᠨᠡ ᠵᠢᠯ ᠤᠨ ᠥᠪᠥᠷ ᠮᠣᠩᠭᠤᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 100 ᠬᠦᠴᠦᠷᠬᠡᠭ︾ ᠢ ᠨᠡᠶᠢᠲᠡᠯᠡᠵᠦ᠂ ᠡᠬᠦᠨ ᠳᠤ ᠵᠢᠩ ᠶᠧ ᠪᠦᠯᠦᠭᠯᠡᠯ ᠤᠨ ᠤᠯᠠᠭᠠᠨᠬᠤᠲᠠ ᠪᠣᠯᠣᠳ ᠲᠡᠮᠦᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︵ᠳᠣᠷᠣᠭᠰᠢ ᠤᠯᠠᠭᠠᠨᠬᠤᠲᠠ ᠪᠣᠯᠣᠳ ᠲᠡᠮᠦᠷ ᠤᠨ ᠺᠤᠮᠫᠠᠨᠢ ᠭᠡᠵᠦ ᠲᠣᠪᠴᠢᠯᠠᠨ᠎ᠠ︶ ᠡᠵᠡᠩᠨᠡᠯᠳᠡ ᠶᠢᠨ ᠤᠷᠤᠯᠭ᠎ᠠ ᠶᠢ 58.69 ᠳ᠋ᠦᠩᠰᠢᠭᠤᠷ ᠲᠥᠭᠦᠷᠢᠭ ᠡᠭᠦᠳᠴᠦ᠂ ᠥᠪᠥᠷ ᠮᠣᠩᠭᠤᠯ ᠤᠨ ᠠᠷᠠᠳ ᠠᠴᠠ ᠡᠵᠡᠩᠨᠡᠭᠰᠡᠨ 100 ᠬᠦᠴᠦᠷᠬᠡᠭ ᠠᠵᠤ ᠠᠬᠤᠶᠢᠯᠠᠯ ᠤᠨ 54 ᠳ᠋ᠤᠭᠡᠷ ᠲᠤ ᠵᠢᠭᠰᠠᠭᠠᠭᠳᠠᠭᠰᠠᠨ ᠪᠥᠭᠡᠳ ᠪᠦᠬᠦ ᠤᠷᠤᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 100 ᠬᠦᠴᠦᠷᠬᠡᠭ ᠤᠨ ᠴᠣᠯᠠ ᠶᠢ ᠲᠠᠪᠤᠨ ᠵᠢᠯ ᠳᠠᠷᠠᠭᠠᠯᠠᠨ ᠭᠥᠷᠳᠡᠪᠡ᠃ ᠤᠯᠠᠭᠠᠨᠬᠤᠳᠠ ᠪᠤᠯᠤᠳ ᠲᠡᠮᠤᠷ ᠤᠨ ᠺᠠᠮᠫᠠᠨᠢ ᠶᠢᠨ ᠬᠢᠨ ᠪᠠᠰᠠ ᠡᠨᠡ ᠵᠢᠯ ᠤᠨ ᠥᠪᠥᠷ ᠮᠣᠩᠭᠤᠯ ᠤᠨ ᠦᠢᠯᠡᠳᠬᠦ ᠦᠢᠯᠡᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 50 ᠬᠦᠴᠦᠷᠬᠡᠭ ᠤᠨ 37 ᠳ᠋ᠤᠭᠠᠷ ᠲᠤ ᠵᠢᠭᠰᠠᠭᠠᠭᠳᠠᠵᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 30 ᠬᠦᠴᠦᠷᠬᠡᠭ ᠤᠨ 25 ᠳ᠋ᠤᠭᠠᠷ ᠲᠤ ᠠᠩᠬ᠎ᠠ ᠤᠳᠠᠭ᠎ᠠ ᠵᠢᠭᠰᠠᠭᠠᠭᠳᠠᠵᠤ᠂ ᠬᠢᠩᠭᠠᠨ ᠠᠶᠢᠮᠠᠭ ᠤᠨ ᠴᠤᠷ ᠤᠨ ᠭᠠᠭᠴᠠ ᠭᠤᠷᠪᠠᠨ ᠲᠦᠷᠦᠯ ᠤᠨ ᠨᠡᠷᠡᠰ ᠤᠨ ᠵᠢᠭᠰᠠᠭᠠᠯᠲᠠ ᠳᠤ ᠰᠣᠩᠭᠤᠭᠳᠠᠭᠰᠠᠨ ᠠᠵᠤ ᠠᠬᠤᠶᠢᠯᠠᠯ ᠪᠣᠯᠵᠠᠢ᠃     ᠤᠯᠠᠭᠠᠨᠬᠤᠳᠠ ᠪᠤᠯᠤᠳ ᠲᠡᠮᠤᠷ ᠤᠨ ᠺᠤᠮᠫᠠᠨᠢ ᠶᠢᠨ ᠬᠢᠨ ᠥᠪᠥᠷ ᠮᠣᠩᠭᠤᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 100 ᠬᠦᠴᠦᠷᠬᠡᠭ ᠤᠨ ᠡᠩᠨᠡᠭᠡᠨ ᠳᠤ ᠲᠠᠪᠤᠨ ᠵᠢᠯ ᠳᠠᠷᠠᠭᠠᠯᠠᠨ ᠵᠢᠬᠰᠠᠭᠠᠬᠳᠠᠬᠰᠠᠨ ᠨᠢ ᠤᠯᠠᠭᠠᠨᠬᠤᠳᠠ ᠪᠤᠯᠤᠳ ᠲᠡᠮᠤᠷ ᠤᠨ ᠺᠣᠮᠫᠠᠨᠢ ᠵᠢᠩ ᠶᠧ ᠪᠦᠯᠦᠭᠯᠡᠯ ᠳᠤ ᠤᠷᠤᠬᠰᠠᠨ 10 ᠵᠢᠯ ᠤᠨ ᠲᠤᠷᠰᠢᠬᠢ ᠲᠦᠷᠭᠡᠨ ᠬᠥᠭᠵᠢᠯᠲᠡ ᠪᠠ ᠪᠣᠳᠠᠲᠤ ᠬᠦᠴᠦᠨ ᠤ ᠬᠤᠷᠠᠮᠳᠤᠭᠤᠯᠤᠯ ᠪᠤᠯᠬᠤ ᠶᠤᠮ᠃ ᠤᠯᠠᠭᠠᠨᠬᠤᠳᠠ ᠪᠤᠯᠤᠳ ᠲᠡᠮᠤᠷ ᠤᠨ ᠺᠣᠮᠫᠠᠨᠢ ᠶᠢᠨ ᠬᠢᠨ ᠵᠢᠩ ᠶᠧ ᠪᠦᠯᠦᠭᠯᠡᠯ ᠳᠤ ᠤᠷᠤᠬᠰᠠᠨ ᠠᠴᠠ ᠨᠠᠭᠠᠰᠢ᠂ ᠵᠢᠩ ᠶᠧ ᠪᠦᠯᠦᠭᠯᠡᠯ ᠤᠨ ᠬᠢᠨ ᠨᠡᠶᠢᠳᠡ 68 ᠳ᠋ᠦᠩᠰᠢᠭᠤᠷ ᠲᠥᠭᠦᠷᠢᠭ ᠪᠡᠯᠡ ᠣᠷᠣᠭᠤᠯᠵᠤ᠂ ᠲᠡᠷᠢᠭᠦᠨ ᠤ ᠤᠷ᠎ᠠ ᠮᠡᠷᠭᠡᠵᠢᠯ ᠢ ᠣᠷᠣᠭᠤᠯᠤᠨ ᠠᠪᠴᠢᠷᠠᠬᠤ᠂ ᠮᠡᠷᠭᠡᠵᠢᠯ ᠤᠨ ᠥᠭᠡᠷᠡᠴᠢᠯᠡᠯᠲᠡ ᠬᠢᠬᠦ᠂ ᠦᠢᠯᠡᠳᠬᠦᠨ ᠤ ᠪᠦᠲᠦᠴᠡ ᠶᠢ ᠰᠢᠯᠢᠳᠡᠭᠵᠢᠭᠦᠯᠬᠦ᠂ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠬᠤ ᠵᠡᠷᠭᠡ ᠠᠯᠢ ᠤᠯᠠᠨ ᠠᠷᠭ᠎ᠠ  ᠬᠡᠮᠵᠢᠶ᠎ᠡ ᠠᠪᠴᠤ᠂ ᠠᠵᠤ ᠠᠬᠤᠶᠢᠯᠠᠯ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠵᠦ᠂ ᠨᠢᠭᠡᠨ ᠳᠡᠭᠡᠳᠦ ᠲᠡᠰ ᠤᠨ᠂ ᠪᠣᠬᠢᠷᠲᠤᠯ ᠦᠭᠡᠢ᠂ ᠤᠶᠤᠨᠴᠢᠯᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠵᠠᠢ᠃                        ︵ᡁᠢ ᠮᠢᠨ   ᠯᠢ ᠵᠢᠶᠠᠨ ᠫᠢᠩ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号