ᠭᠡᠭᠡᠨᠰᠦ᠋ᠮ᠎ᠠ ᠪᠠᠯᠭᠠᠰᠤ ᠬᠦᠷᠢᠶ᠎ᠠ ᠬᠠᠰᠢᠶᠠᠨ ᠤ ᠠᠵᠤ ᠠᠬᠤᠢ ᠶᠢ ᠴᠢᠨᠠᠷ ᠰᠠᠶᠢᠳᠠᠢ ᠬᠦᠭᠵᠢᠬᠦᠯᠤᠨ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠰᠠᠭᠤᠷᠢ ᠶᠢ ᠪᠠᠳᠤᠳᠬᠠᠵᠤ ᠪᠠᠶᠢᠭ᠎ᠠ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/7/4
     ᠬᠦᠷᠢᠶ᠎ᠠ ᠬᠠᠰᠢᠶᠠᠨ ᠤ ᠠᠵᠤ ᠠᠬᠤᠢ ᠶᠢ ᠴᠢᠨᠠᠷ ᠰᠠᠶᠢᠳᠠᠢ ᠬᠦᠭᠵᠢᠬᠦᠯᠬᠦ ᠪᠤᠯ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢᠨ ᠭᠤᠤᠯ ᠠᠭᠤᠯᠭ᠎ᠠ ᠮᠦᠷᠳᠡᠬᠡᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠴᠢᠬᠤᠯᠠ ᠠᠷᠭ᠎ᠠ ᠵᠠᠮ ᠪᠤᠯᠤᠨ᠎ᠠ᠃ ᠤᠶᠢᠷ᠎ᠠ ᠶᠢᠨ ᠵᠢᠯ ᠠᠴᠠ ᠨᠠᠭᠠᠰᠢ᠂ ᠤᠯᠠᠭᠠᠨᠬᠤᠳᠠ ᠶᠢᠨ ᠭᠡᠭᠡᠨᠰᠦ᠋ᠮ᠎ᠠ ᠪᠠᠯᠭᠠᠰᠤ ᠲᠤᠮᠤ ᠬᠦᠷᠢᠶ᠎ᠠ ᠬᠠᠰᠢᠶᠠᠨ ᠤ ᠲᠠᠪᠠᠭᠤᠯᠢᠭ ᠢᠶᠠᠨ ᠬᠦᠢᠴᠡᠳ ᠪᠠᠳᠠᠷᠠᠭᠤᠯᠤᠨ᠂ ᠲᠠᠷᠢᠮᠠᠯ ᠤᠨ ᠡᠷᠤᠬᠡ ᠶᠢᠨ ᠬᠦᠷᠢᠶ᠎ᠠ ᠬᠠᠰᠢᠶ᠎ᠠ ᠶᠢ ᠨᠤᠭᠤᠭ᠎ᠠ ᠶᠢᠨ ᠬᠦᠷᠢᠶᠡᠯᠡᠩ᠂ ᠵᠢᠮᠢᠰ ᠤᠨ ᠬᠦᠷᠢᠶᠡᠯᠡᠩ᠂ ᠵᠢᠭᠤᠯᠴᠢᠯᠠᠯ ᠤᠨ ᠬᠦᠷᠢᠶᠡᠯᠡᠩ᠂ ᠤᠶᠤᠨ ᠰᠠᠨᠠᠭᠠᠨ ᠤ ᠭᠡᠷ ᠤᠷᠤᠨ ᠢ ᠪᠠᠶᠢᠭᠤᠯᠬᠤ ᠶᠢ ᠠᠬᠢᠭᠤᠯᠵᠤ ᠪᠤᠢ᠃      ᠭᠡᠭᠡᠨᠰᠦ᠋ᠮ᠎ᠠ ᠪᠠᠯᠭᠠᠰᠤᠨ ᠤ ᠵᠢᠥ ᠢ ᠭᠠᠴᠠᠭ᠎ᠠ ᠨᠢ ᠲᠠᠪᠠᠭᠤᠯᠢᠭ ᠪᠠᠶᠢᠭᠠᠯᠢ ᠶᠢᠨ ᠡᠬᠢ ᠪᠠᠶᠠᠯᠢᠭ ᠲᠠᠢ᠂ ᠦᠩ ᠰᠢᠮᠡᠯᠢᠭ ᠬᠦᠷᠤᠰᠤ ᠰᠢᠷᠤᠢ᠂ ᠴᠡᠩᠬᠡᠭ ᠤᠰᠤ᠂ ᠴᠡᠪᠡᠷ ᠠᠭᠠᠷ ᠪᠠ ᠬᠦᠢᠴᠡᠳ ᠨᠠᠷᠠᠨ ᠤ ᠲᠤᠰᠤᠯᠳᠠ ᠵᠡᠷᠭᠡ ᠪᠠᠶᠢᠭᠠᠯᠢ ᠶᠢᠨ ᠨᠦᠬᠦᠴᠠᠯ ᠰᠠᠶᠢᠨ ᠪᠠᠶᠢᠵᠤ᠂ ᠲᠤᠰ ᠲᠤᠰᠬᠤᠨ ᠤ ᠬᠦᠷᠢᠶ᠎ᠠ ᠬᠠᠰᠢᠶᠠᠨ ᠤ ᠠᠵᠤ ᠠᠬᠤᠢ ᠶᠢ ᠬᠦᠭᠵᠢᠬᠦᠯᠬᠦ ᠳᠤ ᠪᠠᠳᠤ ᠰᠠᠭᠤᠷᠢ ᠶᠢ ᠲᠠᠯᠪᠢᠪᠠ᠃ ᠲᠤᠰ ᠲᠤᠰᠬᠤᠨ ᠨᠢ ᠰᠢᠶᠠᠩ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠳᠤ ᠲᠦᠰᠢᠭᠯᠡᠨ᠂ 212 ᠡᠷᠤᠬᠡ ᠲᠤᠰᠬᠤᠨ ᠤ ᠠᠷᠠᠳ ᠢ ᠵᠤᠬᠢᠶᠠᠨ ᠪᠠᠶᠢᠭᠤᠯᠤᠨ ︽ᠪᠤᠬᠢᠷᠳᠤᠯ ᠦᠭᠡᠢ ᠤᠰᠤᠨ ᠲᠤᠳᠤᠷᠭ᠎ᠠ ᠶᠢ ᠲᠠᠨᠢᠵᠤ ᠠᠪᠬᠤ + ᠬᠦᠷᠢᠶ᠎ᠠ ᠬᠠᠰᠢᠶᠠᠨ ᠤ ᠲᠠᠷᠢᠵᠤ ᠤᠷᠭᠤᠭᠤᠯᠬᠤ + ᠲᠠᠷᠢᠶᠠᠯᠠᠩ ᠢ ᠪᠡᠶᠡᠳᠠᠨ ᠤᠶᠢᠯᠠᠭᠠᠬᠤ︾ ᠪᠠᠷ ᠭᠤᠤᠯ ᠡᠵᠡᠩᠨᠡᠯᠳᠠ ᠶᠢᠨ ᠬᠡᠯᠪᠡᠷᠢ ᠪᠤᠯᠭᠠᠨ᠂ ᠬᠤᠷᠰᠢᠶ᠎ᠠ ᠠᠴᠠ ᠲᠤᠰᠬᠤᠨ ᠤ ᠠᠷᠠᠳ ᠲᠤ ᠰᠦᠢᠳᠭᠡᠯ ᠬᠤᠷᠢᠶᠠᠬᠤ ᠦᠭᠡᠢ ᠪᠠᠷ ᠲᠤᠳᠤᠷᠭᠠᠨ ᠴᠢᠬᠢ ᠬᠠᠩᠭᠠᠵᠤ᠂ ᠲᠤᠰᠬᠠᠢ ᠬᠤᠷᠰᠢᠶ᠎ᠠ ᠠᠴᠠ ᠵᠠᠬᠢᠶᠠᠯᠠᠬᠤ ᠬᠡᠯᠪᠡᠷᠢ ᠪᠠᠷ ᠬᠤᠷᠢᠶᠠᠨ ᠠᠪᠬᠤ ᠪᠠᠳᠤᠯᠠᠭ᠎ᠠ ᠪᠤᠯᠭᠠᠵᠤ᠂ ᠤᠨᠴᠠᠯᠢᠭᠳᠤ ᠬᠦᠷᠢᠶ᠎ᠠ ᠬᠠᠰᠢᠶᠠᠨ ᠤ ᠤᠰᠤᠨ ᠲᠤᠳᠤᠷᠭ᠎ᠠ ᠶᠢ 365 ᠮᠤ᠋ ᠲᠠᠷᠢᠵᠤ ᠤᠷᠭᠤᠭᠤᠯᠤᠨ᠂ ᠡᠷᠤᠬᠡ ᠪᠦᠷᠢ ᠶᠢᠨ ᠤᠷᠤᠯᠭ᠎ᠠ ᠶᠢ 2000 ᠲᠦᠬᠦᠷᠢᠭ ᠠᠴᠠ ᠲᠡᠭᠡᠭᠰᠢ ᠨᠡᠮᠡᠭᠳᠡᠬᠦ ᠶᠢ ᠪᠡᠶᠡᠯᠡᠬᠦᠯᠬᠦ ᠪᠤᠯᠤᠨ᠎ᠠ᠃      ︽ᠪᠢᠳᠠᠨ ᠤ ᠬᠦᠷᠢᠶ᠎ᠠ ᠬᠠᠰᠢᠶᠠᠨ ᠤ ᠠᠵᠤ ᠠᠬᠤᠢ ᠶᠢ ᠬᠦᠭᠵᠢᠬᠦᠯᠬᠦ ᠶᠢ ᠵᠤᠷᠢᠭᠵᠢᠭᠤᠯᠬᠤ ᠪᠠᠷ᠂ ᠲᠤᠰᠬᠤᠨ ᠠᠴᠠ ᠪᠢᠳᠠᠨ ᠳᠤ ᠰᠦᠢᠳᠭᠡᠯ ᠬᠤᠷᠢᠶᠠᠬᠤ ᠦᠭᠡᠢ ᠪᠠᠷ ᠲᠤᠳᠤᠷᠭᠠᠨ ᠴᠢᠬᠢ ᠬᠠᠩᠭᠠᠨ ᠦᠭᠴᠤ᠂ ᠤᠰᠤᠨ ᠲᠤᠳᠤᠷᠭ᠎ᠠ ᠶᠢᠨ ᠦᠰᠤᠯᠳᠠ ᠶᠢᠨ ᠶᠠᠪᠤᠴᠠ ᠳᠤ ᠪᠤᠬᠢᠷᠳᠤᠯ ᠦᠭᠡᠢ ᠤᠷᠭᠠᠨᠢᠭ ᠪᠠᠷᠢᠮᠵᠢᠶ᠎ᠠ ᠪᠠᠷ ᠬᠠᠮᠢᠶᠠᠷᠤᠨ ᠬᠠᠮᠠᠭᠠᠯᠠᠵᠤ᠂ ᠤᠰᠤᠨ ᠲᠤᠳᠤᠷᠭ᠎ᠠ ᠪᠤᠯᠪᠠᠰᠤᠷᠠᠭᠰᠠᠨ ᠤ ᠲᠠᠷᠠᠭ᠎ᠠ᠂ ᠬᠤᠪᠢ ᠪᠠᠷ ᠢᠶᠠᠨ ᠢᠳᠡᠬᠦ ᠠᠴᠠ ᠭᠠᠳᠠᠨ᠎ᠠ ᠪᠠᠰᠠ ᠬᠤᠳᠠᠯᠳᠤᠬᠤ ᠪᠠᠷ ᠲᠠᠮᠵᠢᠨ ᠤᠷᠤᠯᠭ᠎ᠠ ᠪᠠᠨ ᠨᠡᠮᠡᠭᠳᠡᠬᠦᠯᠵᠤ ᠴᠢᠳᠠᠯ᠎ᠠ︾ ᠭᠡᠵᠤ ᠬᠠᠰᠢᠶᠠᠨ ᠤ ᠲᠡᠷᠢ ᠲᠡᠭᠰᠢᠬᠡᠨ ᠤᠰᠤᠨ ᠲᠤᠳᠤᠷᠭ᠎ᠠ ᠶᠢᠨ ᠲᠠᠷᠢᠶ᠎ᠠ ᠪᠠᠨ ᠦᠵᠡᠭᠡᠳ ᠵᠢᠥ ᠢ ᠭᠠᠴᠠᠭᠠᠨ ᠤ ᠠᠷᠠᠳ ᠵᠠᠩ ᠯᠢᠶᠠᠨ ᠱᠧᠩ ᠪᠠᠶᠠᠷᠳᠠᠢ ᠶᠠᠷᠢᠨ᠎ᠠ᠃      ᠭᠡᠭᠡᠨᠰᠦ᠋ᠮ᠎ᠠ ᠪᠠᠯᠭᠠᠰᠤᠨ ᠤ ᠪᠠᠶᠠᠨᠬᠠᠳᠠ ᠭᠠᠴᠠᠭᠠᠨ ᠤ ᠲᠠᠷᠪᠤᠰ ᠤᠨ ᠴᠢᠬᠢ ᠶᠢ ᠰᠢᠯᠵᠢᠬᠦᠯᠤᠨ ᠵᠠᠶᠢᠯᠠᠬᠤ ᠵᠠᠩᠬᠢᠯᠠᠭ᠎ᠠ ᠶᠢᠨ ᠬᠤᠭᠤᠴᠠᠭᠠᠨ ᠳᠤ᠂ ᠨᠠᠮ ᠤᠨ ᠡᠬᠦᠷ ᠤᠨ ᠱᠦᠵᠢ ᠸᠠᠩ ᠯᠢᠣ ᠵᠤ᠋ ᠲᠠᠷᠪᠤᠰ ᠤᠨ ᠴᠢᠬᠢ ᠶᠢ ᠬᠤᠪᠢᠶᠠᠬᠤ ᠶᠢᠨ ᠬᠠᠮᠳᠤ ᠰᠢᠯᠵᠢᠬᠦᠯᠤᠨ ᠤᠶᠢᠵᠢᠭᠤᠯᠬᠤ ᠠᠷᠭ᠎ᠠ ᠠᠪᠴᠠᠯ᠂ ᠲᠤᠬᠢᠷᠠᠮᠵᠢᠳᠠᠢ ᠤᠷᠭᠤᠭᠤᠯᠬᠤ ᠤᠷᠴᠢᠨ ᠪᠠ ᠠᠩᠬᠠᠷᠬᠤ ᠴᠢᠬᠤᠯᠠᠳᠠᠢ ᠵᠦᠢᠯ ᠢ ᠨᠠᠷᠢᠨ ᠨᠢᠭᠳᠠ ᠲᠠᠶᠢᠯᠪᠤᠷᠢᠯᠠᠨ᠂ ᠴᠢᠬᠢ ᠶᠢᠨ ᠦᠰᠤᠯᠳᠠ᠂ ᠤᠷᠤᠯᠭ᠎ᠠ ᠶᠢᠨ ᠨᠡᠮᠡᠭᠳᠡᠯ ᠢ ᠪᠡᠶᠡᠯᠡᠬᠦᠯᠬᠦ ᠶᠢ ᠪᠠᠳᠤᠯᠠᠪᠠ᠃ ᠡ᠊ᠨᠠ ᠵᠢᠯ᠂ ᠪᠠᠶᠠᠨᠬᠠᠳᠠ ᠭᠠᠴᠠᠭ᠎ᠠ 103 ᠡᠷᠤᠬᠡ ᠶᠢ ᠲᠠᠶᠢᠴᠢᠯᠠᠨ ᠬᠦᠷᠢᠶ᠎ᠠ ᠬᠠᠰᠢᠶᠠᠨ ᠤ ᠲᠠᠷᠪᠤᠰ ᠢ 100 ᠮᠤ᠋ ᠲᠠᠷᠢᠪᠠ᠃      ᠶᠠᠳᠠᠭᠤ ᠠᠴᠠ ᠠᠩᠬᠢᠵᠢᠷᠠᠭᠰᠠᠨ ᠡᠷᠤᠬᠡ ᠶᠢᠨ ᠬᠦᠷᠢᠶ᠎ᠠ ᠬᠠᠰᠢᠶᠠᠨ ᠤ ᠠᠵᠤ ᠠᠬᠤᠢ ᠶᠢ ᠬᠦᠭᠵᠢᠬᠦᠯᠬᠦ ᠶᠢ ᠲᠠᠶᠢᠴᠢᠯᠠᠬᠤ ᠪᠠᠷ᠂ ᠪᠠᠶᠠᠨᠬᠠᠳᠠ ᠭᠠᠴᠠᠭ᠎ᠠ ᠶᠢᠨ ᠬᠠᠪᠰᠤᠷᠤᠨ ᠲᠡᠳᠬᠦᠬᠦ ᠨᠢᠭᠡᠴᠢ ᠤᠯᠠᠭᠠᠨᠬᠤᠳᠠ ᠶᠢᠨ ᠪᠦᠳᠤᠭᠡᠨ ᠪᠠᠶᠢᠭᠤᠯᠤᠯᠳᠠ ᠶᠢᠨ ᠪᠡᠯᠡ ᠤᠷᠤᠭᠤᠯᠤᠯᠳᠠ ᠶᠢᠨ ᠺᠤᠮᠫᠠᠨᠢ ᠠᠴᠠ ᠶᠠᠳᠠᠭᠤ ᠬᠦᠴᠢᠷᠳᠠᠯᠳᠠᠢ ᠡᠷᠤᠬᠡ ᠳᠤ ᠲᠠᠬᠢᠶᠠᠨ ᠴᠤᠷᠪᠠᠭ᠎ᠠ ᠬᠤᠳᠠᠯᠳᠤᠨ ᠠᠪᠴᠤ ᠦᠭᠬᠦᠨ᠂ ᠲᠠᠬᠢᠶᠠᠨ ᠴᠤᠷᠪᠠᠭ᠎ᠠ ᠬᠤᠪᠢᠶᠠᠬᠤ ᠲᠤᠬᠠᠢ ᠶᠢᠨ ᠲᠠᠯᠠᠪᠠᠢ ᠳᠤ᠂ ᠶᠠᠳᠠᠭᠤ ᠬᠦᠴᠢᠷᠳᠠᠯᠳᠠᠢ ᠡᠷᠤᠬᠡ ᠠᠴᠠ ᠨᠠᠮ ᠤᠨ ᠰᠠᠶᠢᠨ ᠲᠦᠷᠥ ᠶᠢᠨ ᠪᠤᠳᠤᠯᠭ᠎ᠠ ᠳᠤ ᠲᠠᠯᠠᠷᠬᠠᠵᠤ᠂ ᠡᠳᠡᠭᠡᠷ ᠲᠡᠬᠢᠶᠠᠨ ᠴᠤᠷᠪᠠᠭ᠎ᠠ ᠨᠢ ᠬᠦᠷᠢᠶ᠎ᠠ ᠬᠠᠰᠢᠶᠠᠨ ᠤ ︽ᠦᠢᠯᠡᠳᠬᠦᠨ︾ ᠢ ᠨᠡᠩ ᠪᠠᠶᠠᠯᠢᠭᠵᠢᠭᠤᠯᠤᠨ᠂ ᠤᠷᠤᠯᠭ᠎ᠠ ᠨᠡᠮᠡᠭᠳᠡᠬᠦ ᠠᠷᠭ᠎ᠠ ᠵᠠᠮ ᠪᠠᠰᠠ ᠨᠡᠩ ᠦᠷᠭᠡᠨ ᠪᠤᠯᠵᠠᠢ ᠭᠡᠵᠤ ᠬᠡᠯᠡᠵᠠᠢ᠃      ᠬᠦᠷᠢᠶ᠎ᠠ ᠬᠠᠰᠢᠶᠠᠨ ᠤ ᠠᠵᠤ ᠠᠬᠤᠢ ᠶᠢ ᠬᠦᠴᠤᠯᠡᠨ ᠬᠦᠭᠵᠢᠬᠦᠯᠬᠦ ᠪᠠᠷ᠂ ᠡ᠊ᠨᠠ ᠵᠢᠯ ᠤᠨ 3 ᠰᠠᠷ᠎ᠠ ᠠᠴᠠ ᠤᠯᠠᠭᠠᠨᠬᠤᠳᠠ ᠶᠢᠨ ᠭᠡᠭᠡᠨᠰᠦ᠋ᠮ᠎ᠠ ᠪᠠᠯᠭᠠᠰᠤ ᠠᠴᠠ ᠡᠯ᠎ᠠ ᠭᠠᠴᠠᠭᠠᠨ ᠤ ᠱᠦᠵᠢ᠂ ᠲᠤᠰᠬᠤᠨ ᠳᠤ ᠰᠠᠭᠤᠭ᠎ᠠ ᠨᠢᠭᠡᠳᠤᠭᠡᠷ ᠱᠦᠵᠢ᠂ ᠬᠡᠰᠡᠭ ᠲᠠᠷᠢᠮᠠᠯ ᠤᠨ ᠡᠷᠤᠬᠡ ᠶᠢ ᠵᠤᠬᠢᠶᠠᠨ ᠪᠠᠶᠢᠭᠤᠯᠤᠨ ᠬᠢᠷᠢᠨ ᠮᠤᠵᠢ ᠶᠢᠨ ᠲᠤᠥ ᠨᠠᠨ ᠬᠤᠳᠠ ᠶᠢᠨ ᠹᠦ᠋ ᠱᠦᠨ ᠪᠠᠯᠭᠠᠰᠤᠨ ᠳᠤ ︽ᠵᠠᠬᠢᠶᠠᠯᠠᠭᠰᠠᠨ ᠬᠡᠯᠪᠡᠷᠢ︾ ᠶᠢᠨ ᠯᠠᠵᠤᠤ ᠲᠠᠷᠢᠵᠤ ᠤᠷᠭᠤᠭᠤᠯᠬᠤ ᠠᠵᠤ ᠦᠢᠯᠡᠰ ᠢ ᠲᠤᠭᠤᠷᠢᠨ ᠪᠠᠶᠢᠴᠠᠭᠠᠵᠤ᠂ ᠲᠤᠤ ᠨᠠᠨ ᠬᠤᠳᠠ ᠶᠢᠨ ᠲᠠᠷᠢᠶᠠᠯᠠᠩ ᠤᠨ ᠪᠦᠳᠤᠭᠡᠭᠳᠡᠬᠦᠨ ᠤ ᠺᠤᠮᠫᠠᠨᠢ ᠲᠠᠢ ᠬᠤᠷᠢᠶᠠᠨ ᠠᠪᠬᠤ ᠭᠡᠷ᠎ᠠ ᠲᠤᠭᠳᠠᠵᠤ᠂ 2024 ᠤᠨ ᠳᠤ᠂  ᠲᠤᠰ ᠪᠠᠯᠭᠠᠰᠤ ᠵᠠᠬᠢᠶᠠᠯᠠᠭᠰᠠᠨ ᠬᠡᠯᠪᠡᠷᠢ ᠶᠢᠨ ᠲᠠᠷᠢᠵᠤ ᠤᠷᠭᠤᠭᠤᠯᠬᠤ ᠯᠠᠵᠤᠤ   ᠶᠢ 124 ᠮᠤ᠋ ᠬᠦᠭᠵᠢᠬᠦᠯᠬᠦ ᠪᠠᠷ ᠲᠦᠯᠤᠪᠯᠡᠵᠠᠢ᠃       ᠲᠤᠰ ᠪᠠᠯᠭᠠᠰᠤ ᠦᠷᠭᠦᠯᠵᠢᠯᠡᠨ ᠬᠦᠷᠢᠶ᠎ᠠ ᠬᠠᠰᠢᠶᠠᠨ ᠤ ᠠᠵᠤ ᠠᠬᠤᠢ ᠶᠢ ᠬᠦᠭᠵᠢᠬᠦᠯᠤᠨ᠂ ᠲᠤᠬᠠᠢ ᠶᠢᠨ ᠭᠠᠵᠠᠷ ᠤᠨ ᠪᠤᠳᠠᠳᠠᠢ ᠳᠤ ᠲᠤᠬᠢᠷᠠᠭᠰᠠᠨ ᠬᠦᠷᠢᠶ᠎ᠠ ᠬᠠᠰᠢᠶᠠᠨ ᠤ ᠠᠵᠤ ᠠᠬᠤᠢ ᠶᠢᠨ ᠬᠡᠯᠪᠡᠷᠢ ᠶᠢ ᠨᠡᠩ ᠬᠦᠨᠵᠡᠭᠡᠢ ᠰᠦᠪᠡᠭᠴᠢᠯᠡᠵᠤ᠂ ᠬᠦᠷᠢᠶ᠎ᠠ ᠬᠠᠰᠢᠶᠠᠨ ᠤ ᠠᠵᠤ ᠠᠬᠤᠢ ᠶᠢᠨ ᠨᠡᠩ ᠦᠨᠳᠤᠷ ᠲᠦᠪᠰᠢᠨ᠂ ᠨᠡᠩ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠵᠤ᠂ ᠵᠢᠵᠢᠭ ᠬᠦᠷᠢᠶ᠎ᠠ ᠬᠠᠰᠢᠶ᠎ᠠ ᠨᠢ ᠤᠷᠤᠯᠭ᠎ᠠ ᠨᠡᠮᠡᠭᠳᠡᠬᠦ ᠰᠢᠨ᠎ᠠ ᠠᠷᠭ᠎ᠠ ᠵᠠᠮ ᠪᠤᠯᠵᠤ᠂ ᠤᠷᠤᠰᠢᠨ ᠰᠠᠭᠤᠷᠢᠰᠢᠬᠤ ᠳᠤ ᠲᠤᠬᠢᠷᠠᠮᠵᠢᠳᠠᠢ᠂ ᠦᠢᠯᠡᠰ ᠪᠤᠰᠬᠠᠬᠤ ᠳᠤ ᠲᠤᠬᠢᠷᠠᠮᠵᠢᠳᠠᠢ ᠦᠵᠡᠰᠬᠦᠯᠡᠩᠳᠤ ᠰᠠᠶᠢᠬᠠᠨ ᠡᠶ᠎ᠡ ᠵᠤᠬᠢᠴᠠᠩᠭᠤᠢ ᠬᠦᠳᠡᠭᠡ ᠲᠤᠰᠬᠤᠨ ᠢ ᠪᠦᠳᠤᠭᠡᠨ ᠪᠠᠶᠢᠭᠤᠯᠬᠤ ᠰᠠᠭᠤᠷᠢ ᠶᠢ ᠪᠠᠳᠤᠳᠬᠠᠭᠰᠠᠨ ᠪᠠᠶᠢᠨ᠎ᠠ᠃                           ︵ᠴᠤᠯᠮᠤᠨ  ᠴᠢᠤ ᠰᠢᠶᠠᠩ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号