ᠤᠨᠳᠠᠯᠭ᠎ᠠ ᠨᠢ ᠴᠡᠬᠡᠵᠢᠯᠡᠬᠦᠢ ᠶᠢᠨ ᠴᠢᠳᠡᠪᠦᠷᠢ ᠶᠢᠨ ᠪᠦᠷᠢᠯᠳᠦᠬᠦ ᠳᠤ ᠵᠠᠩᠭᠢᠯᠠᠭ᠎ᠠ ᠶᠢᠨ ᠦᠢᠯᠡᠳᠦᠯ ᠦᠵᠡᠬᠦᠯᠦᠨ᠎ᠡ
ᠨᠡᠶᠢᠲᠡᠯᠡᠭᠰᠡᠨ ᠴᠠᠭ᠄
2024/7/4
     ᠰᠢᠯᠭᠠᠯᠲᠠ ᠠᠴᠠ ᠡᠮᠣᠨ᠎ᠠ ᠣᠷᠣᠢ ᠨᠢ ᠤᠨᠳᠠᠬᠤ ᠦᠬᠡᠢ ᠲᠡᠪᠳᠡᠬᠤ ᠨᠢ ᠰᠠᠶᠢᠨ ᠤᠤ ᠡᠰᠡᠭᠦᠯ᠎ᠡ ᠰᠠᠶᠢᠠ ᠤᠨᠳᠠᠵᠤ ᠠᠮᠠᠷᠠᠬᠤ ᠨᠢ ᠲᠠᠭᠠᠷᠠᠨ᠎ᠠ ᠤᠤ︖ ᠠᠮᠧᠷᠢᠺᠠ ᠶᠢᠨ ᠮᠢᠰᠢᠢᠤᠭᠦᠨ ᠶᠡᠭᠡ ᠰᠤᠷᠭᠠᠭᠤᠯᠢ ᠶᠢᠨ ᠰᠤᠳᠤᠯᠭᠠᠲᠠᠳ ᠬᠤᠯᠤᠭᠠᠨ᠎ᠠ ᠳᠤ ᠲᠤᠷᠰᠢᠯᠲᠠ ᠬᠢᠬᠦ ᠪᠠᠷ ᠳᠠᠮᠵᠢᠨ ᠢᠯᠡᠷᠡᠬᠦᠯᠦᠭᠰᠡᠨ ᠨᠢ᠂ ᠨᠦᠢᠷ ᠬᠦᠷᠦᠯᠴᠡᠬᠦ ᠦᠭᠡᠢ ᠦᠶᠡᠰ᠂ ᠤᠷᠲᠤ ᠬᠤᠭᠤᠴᠠᠭᠠᠨ ᠤ ᠴᠡᠭᠡᠵᠢᠯᠡᠬᠦᠢ ᠳᠤ ᠬᠤᠯᠪᠣᠭᠳᠠᠬᠤ ᠶᠡᠭᠡ ᠲᠠᠷᠢᠬᠢᠨ ᠤ ᠨᠢᠬᠡ ᠵᠦᠢᠯ ᠤᠨ ᠵᠠᠩᠭᠢᠯᠠᠭ᠎ᠠ ᠶᠢᠨ ᠳᠣᠬᠢᠶ᠎ᠠ ᠨᠢ ᠪᠠᠭᠤᠷᠠᠵᠤ᠂ ᠨᠦᠢᠷ ᠬᠤᠯᠵᠢᠬᠰᠠᠨ ᠠᠴᠠ ᠪᠣᠯᠤᠭᠰᠠᠨ ᠤ ᠳᠠᠷᠠᠭᠠᠬᠢ ᠬᠡᠪ ᠤᠨ ᠤᠨᠲᠠᠯᠭ᠎ᠠ ᠨᠢ ᠴᠦ ᠡᠶᠢᠮᠦ ᠳᠣᠬᠢᠶ᠎ᠠ ᠶᠢ ᠪᠦᠷᠢᠮᠦᠰᠦᠨ ᠰᠡᠷᠭᠦᠭᠡᠵᠦ ᠳᠡᠶᠢᠯᠬᠦ ᠦᠭᠡᠢ ᠪᠤᠯᠳᠠᠭ᠃ ᠰᠤᠳᠤᠯᠭᠠᠨ ᠤ ᠳ᠋ᠦᠩ ᠨᠢ ᠤᠨᠲᠠᠯᠭ᠎ᠠ ᠶᠢᠨ ᠴᠡᠬᠡᠵᠢᠯᠡᠬᠦᠢ ᠶᠢᠨ ᠴᠢᠳᠡᠪᠦᠷᠢ ᠪᠦᠷᠢᠯᠳᠦᠬᠦ ᠶᠠᠪᠤᠴᠠ ᠳᠠᠬᠢ ᠵᠠᠩᠭᠢᠯᠠᠭ᠎ᠠ ᠶᠢᠨ ᠦᠢᠯᠡᠳᠦᠯ ᠢ ᠲᠠᠶᠢᠯᠪᠤᠷᠢᠯᠠᠬᠤ ᠳᠤ ᠲᠤᠰᠠᠲᠠᠢ ᠪᠥᠭᠡᠳ ᠵᠣᠬᠢᠬᠤ ᠡᠮᠴᠢᠯᠡᠭᠡᠨ ᠤ ᠠᠷᠭ᠎ᠠ ᠶᠢ ᠡᠷᠢᠵᠤ ᠤᠯᠬᠤ ᠳᠤ ᠰᠠᠭᠤᠷᠢ ᠶᠢ ᠲᠠᠯᠪᠢᠵᠤ ᠥᠭᠴᠡᠢ᠃      ᠶᠡᠭᠡ ᠲᠠᠷᠢᠬᠢᠨ ᠤ ᠮᠡᠳᠡᠷᠡᠯ ᠤᠨ ᠨᠢᠬᠡᠴᠢ ᠨᠢ ᠳᠡᠭᠡᠳᠦ ᠬᠡᠮᠵᠢᠶ᠎ᠡ ᠪᠠᠷ ᠬᠠᠷᠢᠯᠴᠠᠨ ᠬᠤᠯᠪᠣᠯᠳᠤᠵᠤ᠂ ᠦᠷᠭᠦᠯᠵᠢ ᠵᠢᠮ᠎ᠡ ᠶᠣᠰᠣ ᠲᠠᠢ ᠪᠤᠶᠤ ᠳᠠᠪᠲᠠᠬᠤ ᠵᠠᠭᠪᠤᠷ ᠢᠶᠠᠷ ᠬᠠᠮᠲᠤ ᠪᠠᠷ ᠨᠢᠷᠬᠡᠯᠬᠡᠨ ᠡᠬᠦᠰᠬᠡᠵᠤ᠂ ᠲᠡᠭᠦᠨ ᠤ ᠳᠣᠲᠣᠷᠠᠬᠢ ᠨᠢᠭᠡ ᠵᠦᠢᠯ ᠤᠨ ᠨᠢᠷᠬᠡᠯᠬᠡᠨ ᠡᠭᠦᠰᠬᠡᠬᠦ ᠵᠠᠭᠪᠤᠷ ᠢ ︽ᠱᠤᠪᠬᠤ ᠲᠤᠯᠬᠢᠶᠠᠨᠳᠤ ᠢᠷᠡᠯᠵᠢ︾ ᠭᠡᠳᠡᠭ᠃ ᠲᠤᠰ ᠵᠠᠭᠪᠤᠷ ᠤᠨ ᠳᠣᠣᠷ᠎ᠠ᠂ ᠨᠢᠭᠡ ᠪᠦᠯᠦᠭ ᠮᠡᠳᠡᠷᠡᠯ ᠤᠨ ᠨᠢᠬᠡᠴᠢ ᠨᠢ ᠲᠦᠢᠯ ᠤᠨ ᠴᠢᠩᠭ᠎ᠠ ᠠᠳᠠᠯᠢ ᠠᠯᠬᠤᠮᠲᠤ ᠴᠢᠨᠠᠷ ᠢᠶᠠᠷ ᠨᠢᠷᠬᠡᠯᠬᠡᠨ ᠡᠬᠦᠰᠬᠡᠵᠤ᠂ ᠳᠠᠷᠠᠭ᠎ᠠ ᠨᠢ ᠨᠥᠭᠦᠭᠡ ᠨᠢᠭᠡ ᠪᠦᠯᠦᠭ ᠮᠡᠳᠡᠷᠡᠯ ᠤᠨ ᠨᠢᠬᠡᠴᠢ ᠨᠢ ᠲᠡᠭᠦᠨ ᠤ ᠲᠠᠷᠠᠭ᠎ᠠ ᠠᠳᠠᠯᠢ ᠠᠯᠬᠤᠮᠲᠤ ᠨᠢᠷᠬᠡᠯᠭᠡᠨ ᠡᠬᠦᠰᠬᠡᠬᠦ ᠪᠦᠬᠡᠳ ᠲᠡᠬᠢᠨ ᠲᠠᠪᠳᠠᠨ ᠣᠨᠴᠠᠭᠠᠢ ᠠᠶᠢᠵᠠᠮ ᠴᠣᠬᠢᠯᠭ᠎ᠠ ᠶᠢ ᠪᠦᠷᠢᠯᠳᠦᠬᠦᠯᠳᠡᠭ᠃ ︽ᠱᠣᠪᠬᠤ ᠳᠣᠯᠭᠢᠶᠠᠨᠳᠤ ᠢᠷᠡᠯᠵᠢ︾ ᠨᠢ ᠦᠷᠬᠦᠯᠵᠢ ᠶᠡᠭᠡ ᠲᠠᠷᠢᠬᠢᠨ ᠤ ᠴᠡᠬᠡᠵᠢᠯᠡᠬᠦᠢ ᠶᠢᠨ ᠴᠢᠳᠡᠪᠦᠷᠢ ᠪᠣᠯᠵᠤ ᠪᠦᠷᠢᠯᠳᠦᠬᠦ ᠵᠠᠩᠭᠢᠯᠠᠭ᠎ᠠ ᠶᠢᠨ ᠲᠣᠭᠤᠷᠢᠭ — ᠲᠠᠷᠢᠬᠢᠨ ᠬᠦᠩᠬᠦᠷ ᠤᠨ ᠴᠣᠭᠴᠠ ᠳᠤ ᠡᠬᠦᠰᠴᠤ ᠂ ᠤᠷᠲᠤ ᠬᠤᠭᠤᠴᠠᠭᠠᠨ ᠤ ᠴᠡᠬᠡᠵᠢᠯᠡᠪᠦᠷᠢ  ᠡ᠊ᠨᠳᠡ ᠬᠠᠳᠠᠭᠠᠯᠠᠬᠳᠠᠨ᠎ᠠ᠃      ᠨᠦᠢᠷ ᠬᠤᠯᠵᠢᠬᠤ ᠨᠢ ᠴᠡᠭᠡᠵᠢᠯᠡᠬᠦ ᠴᠢᠳᠡᠪᠦᠷᠢ ᠶᠢ ᠨᠥᠯᠥᠭᠡᠯᠡᠬᠦ ᠬᠡᠮᠵᠢᠶ᠎ᠡ ᠶᠢ ᠴᠢᠨᠠᠭᠰᠢᠳᠠ ᠣᠶᠢᠯᠠᠭᠠᠬᠤ ᠶᠢᠨ ᠲᠥᠯᠥᠭᠡ᠂ ᠮᠢᠰᠢᠢᠤᠭᠦᠨ ᠶᠡᠭᠡ ᠰᠤᠷᠭᠠᠭᠤᠯᠢ ᠶᠢᠨ ᠰᠤᠳᠤᠯᠭᠠᠲᠠᠳ 7 ᠬᠤᠯᠤᠭᠠᠨ᠎ᠠ ᠶᠢᠨ ᠬᠡᠳᠦᠨ ᠭᠠᠷᠠᠭ ᠤᠨ ᠳᠣᠲᠣᠷ᠎ᠠ ᠲᠥᠭᠡᠷᠢᠯ ᠣᠷᠳᠣᠨ ᠳᠤ ᠲᠡᠨᠦᠬᠦᠴᠢᠯᠡᠬᠦ ᠦᠶ᠎ᠡ ᠶᠢᠨ ᠮᠡᠳᠡᠷᠡᠯ ᠤᠨ ᠨᠢᠬᠡᠴᠢ ᠶᠢᠨ ᠠᠵᠢᠯᠯᠠᠭ᠎ᠠ ᠶᠢ ᠲᠡᠮᠳᠡᠭᠯᠡᠵᠦ᠂ ᠤᠨᠲᠠᠯᠭ᠎ᠠ ᠶᠢᠨ ᠬᠠᠷᠰᠢᠯᠠᠯ ᠲᠠᠢ ᠦᠶ᠎ᠠ ᠪᠠ ᠬᠡᠪ ᠤᠨ ᠤᠨᠲᠠᠯᠭ᠎ᠠ ᠶᠢᠨ ᠦᠶ᠎ᠠ ᠬᠡᠬᠦ ᠬᠤᠶᠠᠷ ᠳᠤᠭᠤᠶᠢᠯᠠᠩ ᠬᠤᠪᠢᠶᠠᠵᠤ ᠲᠡᠮᠳᠡᠭᠯᠡᠪᠡ᠃ ᠰᠤᠳᠤᠯᠭᠠᠨ ᠳᠤ ᠢᠯᠡᠷᠡᠬᠦᠯᠦᠭᠰᠡᠨ ᠢᠶᠠᠷ᠂ ᠤᠨᠳᠠᠯᠭ᠎ᠠ ᠶᠢᠨ ᠬᠠᠷᠰᠢᠯᠠᠯ ᠲᠠᠢ ᠲᠤᠷᠰᠢᠯᠲᠠ ᠶᠢᠨ ᠬᠤᠯᠤᠭᠠᠨ᠎ᠠ ᠶᠢᠨ ︽ᠱᠣᠪᠬᠤ ᠳᠣᠯᠭᠢᠶᠠᠨ ᠢᠷᠡᠯᠵᠢ︾ ᠶᠢᠨ ᠮᠡᠳᠡᠷᠡᠯ ᠤᠨ ᠨᠢᠭᠡᠴᠢ ᠶᠢᠨ ᠡᠬᠦᠰᠬᠡᠭᠰᠡᠨ ᠳᠣᠬᠢᠶ᠎ᠠ ᠨᠢ ᠨᠡᠯᠢᠶᠡᠳ ᠪᠠᠭᠤᠷᠠᠢ ᠪᠥᠭᠡᠳ ᠵᠣᠬᠢᠶᠠᠨ ᠪᠠᠶᠢᠭᠤᠯᠤᠯᠲᠠ ᠶᠢᠨ ᠴᠢᠨᠠᠷ ᠨᠢ ᠨᠡᠯᠢᠶᠡᠳ ᠠᠨᠠᠢ ᠪᠠᠶᠢᠵᠤ᠂ ᠮᠡᠳᠡᠷᠡᠯ ᠤᠨ ᠨᠢᠬᠡᠴᠢ ᠶᠢᠨ ᠨᠢᠷᠬᠡᠯᠬᠡᠨ ᠡᠬᠦᠰᠬᠡᠬᠦ ᠵᠠᠭᠪᠤᠷ ᠨᠢ ᠢᠯᠡᠳᠲᠠ ᠳᠣᠷᠣᠭᠰᠢᠯᠠᠵᠤ᠂ ᠳᠠᠷᠤᠢ ︽ᠥᠩᠭᠡᠷᠡᠭᠰᠡᠨ ᠢ ᠲᠡᠬᠢᠨ ᠢᠯᠡᠷᠡᠬᠦᠯᠬᠦ︾ ᠴᠢᠳᠠᠪᠤᠷᠢ ᠨᠢ ᠬᠤᠷᠢᠭᠯᠠᠭᠳᠠᠪᠠ᠃ ᠡᠳᠡᠭᠡᠷ ᠲᠤᠷᠰᠢᠯᠲᠠ ᠶᠢᠨ ᠬᠤᠯᠤᠭᠠᠨ᠎ᠠ ᠬᠡᠪ ᠤᠨ ᠪᠠᠶᠢᠳᠠᠯ ᠳᠠᠭᠠᠨ ᠣᠷᠣᠭᠰᠠᠨ ᠤ ᠳᠠᠷᠠᠭ᠎ᠠ᠂ ᠡᠶᠢᠮᠦᠷᠬᠦᠦ ᠳᠣᠬᠢᠶᠠᠨ ᠤ ᠬᠢᠷᠢ ᠲᠦᠪᠰᠢᠨ ᠨᠢ ᠬᠡᠳᠦ᠋ᠢᠪᠡᠷ ᠰᠡᠷᠭᠦᠭᠰᠡᠨ ᠪᠣᠯᠪᠠᠴᠤ ᠬᠡᠪ ᠤᠨ ᠤᠨᠳᠠᠯᠭ᠎ᠠ ᠲᠠᠢ ᠬᠤᠯᠤᠭᠠᠨ᠎ᠠ ᠶᠢᠨ ᠬᠢᠷᠢ ᠲᠦᠪᠰᠢᠨ ᠳᠤ ᠬᠦᠷᠴᠦ ᠳᠡᠶᠢᠯᠬᠦ ᠦᠭᠡᠢ ᠪᠤᠯᠵᠠᠢ᠃      ᠰᠤᠳᠤᠯᠭᠠᠳᠠᠳ᠂ ᠡᠨᠡ ᠨᠢ ᠣᠢ ᠴᠡᠭᠡᠵᠢᠯᠡᠪᠦᠷᠢ ᠨᠢ ᠲᠠᠰᠤᠷᠠᠯᠳᠠ ᠦᠬᠡᠢ ᠬᠤᠶᠢᠨᠡᠬᠢ ᠬᠤᠭᠤᠴᠠᠭᠠᠨ ᠤ ᠰᠶᠢᠳᠪᠦᠷᠢᠯᠡᠯᠳᠡ ᠶᠢ ᠦᠩᠬᠡᠷᠡᠬᠡᠨ᠎ᠡ᠂ ᠡᠶᠢᠮᠦᠷᠬᠦᠦ ᠬᠤᠶᠢᠨᠡᠬᠢ ᠬᠤᠭᠤᠴᠠᠭᠠᠨ ᠤ ᠰᠶᠢᠳᠪᠦᠷᠢᠯᠡᠯᠲᠡ ᠶᠢ ᠥᠩᠬᠡᠷᠡᠭᠡᠬᠦ ᠨᠢ ᠮᠠᠰᠢ ᠴᠢᠬᠤᠯᠠ᠂ ᠡᠶᠢᠮᠦ ᠠᠴᠠ ᠰᠢᠯᠭᠠᠯᠲᠠ ᠠᠴᠠ ᠡᠮᠦᠨ᠎ᠡ ᠤᠨᠳᠠᠬᠤ ᠦᠬᠡᠢ ᠲᠠᠪᠳᠠᠬᠤ ᠨᠢ ᠨᠢᠭᠡ ᠵᠦᠢᠯ ᠤᠨ ᠦᠷ᠎ᠠ ᠪᠦᠳᠦᠮᠵᠢ ᠦᠬᠡᠢ ᠠᠷᠭ᠎ᠠ ᠪᠣᠳᠣᠯᠭ᠎ᠠ ᠪᠣᠯᠤᠨ᠎ᠠ ᠬᠡᠵᠦ ᠢᠯᠡᠳᠭᠡᠪᠡ᠃ ᠬᠤᠯᠪᠣᠭᠳᠠᠯ ᠪᠦᠬᠦᠢ ᠰᠤᠳᠤᠯᠭᠠᠨ ᠤ ᠳ᠋ᠦᠩ ᠨᠢ ᠠᠩᠭ᠍ᠯᠢ ᠶᠢᠨ ︽ᠪᠠᠶᠢᠭᠠᠯᠢ︾ ᠰᠡᠳᠬᠦᠯ ᠳᠡᠭᠡᠷ᠎ᠡ ᠨᠡᠶᠢᠲᠡᠯᠡᠭᠳᠡᠪᠡ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号