ᠤᠮᠠᠷᠠᠳᠦ ᠬᠢᠯᠢ ᠶᠢᠨ ᠰᠤᠶᠤᠯ—2024 ᠤᠨ ᠤ ᠬᠢᠩᠭᠠᠨ ᠠᠶᠢᠮᠠᠭ ᠤᠨ ᠨᠠᠭᠠᠳᠤᠮ ᠲᠡᠬᠦᠰ ᠠᠮᠵᠢᠯᠳᠠᠳᠠᠢ ᠦᠨᠳᠦᠷᠯᠡᠪᠡ
ᠨᠡᠶᠢᠲᠡᠯᠡᠭᠰᠡᠨ ᠴᠠᠭ᠄
2024/8/14
   8 ᠰᠠᠷ᠎ᠠ ᠶᠢᠨ 12 ᠤᠨ ᠡᠳᠦᠷ᠂ ᠪᠦᠭᠡ ᠶᠢᠨ ᠤᠷᠤᠯᠳᠤᠭᠠᠨ ᠲᠠᠭᠤᠰᠬᠤ ᠶᠢ ᠲᠠᠭᠠᠯᠳᠤᠨ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠤᠯᠠᠭᠠᠨᠮᠤᠳᠦ ᠰᠤᠮᠦᠨ ᠳᠤ ᠶᠠᠪᠤᠭᠳᠠᠭᠰᠠᠨ 2024 ᠤᠨ ᠤ ᠬᠢᠩᠭᠠᠨ ᠠᠶᠢᠮᠠᠭ ᠤᠨ ᠨᠠᠭᠠᠳᠤᠮ ᠲᠡᠭᠦᠰ ᠠᠮᠵᠢᠯᠳᠠᠳᠠᠢ ᠦᠨᠳᠦᠷᠯᠡᠵᠠᠢ᠃ ᠡᠭᠦᠨ ᠳᠤ ᠪᠦᠬᠦ ᠤᠯᠤᠰ ᠤᠨ ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠲᠠᠮᠢᠷᠴᠢᠳ᠂ ᠬᠢᠨᠠᠭᠴᠢ ᠪᠣᠯᠤᠨ ᠬᠦᠨᠳᠦᠲᠦ ᠵᠣᠴᠢᠳ ᠪᠠᠶᠠᠷ ᠪᠠᠶᠠᠰᠬᠤᠯᠠᠩ ᠲᠠᠢ᠂ ᠦᠯᠵᠡᠢ ᠪᠡᠯᠭᠡ ᠲᠠᠢ ᠠᠭᠤᠷ ᠠᠮᠢᠰᠬᠤᠯ ᠤᠨ ᠲᠤᠮᠳᠠ ᠲᠤᠰ ᠬᠤᠭᠤᠴᠠᠭᠠᠨ ᠤ ᠨᠠᠭᠠᠳᠤᠮ ᠤᠨ ᠠᠮᠵᠢᠯᠳᠠ ᠪᠦᠳᠦᠮᠵᠢ ᠶᠢ ᠬᠠᠮᠳᠤᠪᠡᠷ ᠪᠡᠯᠭᠡᠯᠡᠪᠡ᠃ ᠲᠡᠭᠦᠰᠭᠦ ᠶᠣᠰᠣᠯᠠᠯ ᠳᠡᠭᠡᠷ᠎ᠡ ᠰᠤᠷ ᠬᠠᠷᠪᠤᠬᠤ᠂ ᠮᠤᠷᠢ ᠤᠷᠤᠯᠳᠤᠬᠤ᠂ ᠪᠦᠭᠡ ᠪᠠᠷᠢᠯᠳᠤᠬᠤ ᠵᠡᠷᠭᠡ ᠡᠯ᠎ᠡ ᠵᠦᠢᠯ ᠤᠨ ᠤᠷᠤᠯᠳᠤᠭᠠᠨ ᠤ ᠱᠠᠩᠨᠠᠯ ᠬᠦᠷᠳᠡᠭᠰᠡᠳ ᠢ ᠬᠦᠬᠢᠬᠦᠯᠦᠨ ᠱᠠᠩᠨᠠᠵᠠᠢ᠃
   ᠲᠤᠰ ᠤᠳᠠᠭᠠᠨ ᠤ ᠨᠠᠭᠠᠳᠤᠮ ᠳᠤ ᠮᠤᠩᠭᠤᠯ ᠦᠨᠳᠦᠰᠦᠳᠡᠨ ᠤ ᠤᠯᠠᠮᠵᠢᠯᠠᠯᠳᠦ ᠡᠷ᠎ᠠ ᠶᠢᠨ ᠭᠤᠷᠪᠠᠨ ᠨᠠᠭᠠᠳᠤᠮ ᠤᠨ ᠤᠷᠤᠯᠳᠤᠭᠠᠨ ᠶᠠᠪᠤᠬᠳᠠᠭᠤᠯᠤᠬᠰᠠᠨ ᠠᠴᠠ ᠭᠠᠳᠠᠨ᠎ᠠ ᠤᠯᠠᠭᠠᠨᠮᠤᠳᠦ ᠲᠠᠯ᠎ᠠ ᠨᠤᠳᠤᠭ ᠤᠨ ᠲᠠᠭᠤᠤ ᠬᠦᠭᠵᠢᠮ ᠤᠨ ᠨᠠᠶᠢᠷ᠂ ᠠᠮᠳᠠᠳᠦ ᠢᠳᠡᠭᠡᠨ ᠤ ᠨᠠᠶᠢᠷ ᠵᠡᠷᠭᠡ ᠤᠯᠠᠨ ᠲᠦᠮᠡᠨ ᠤ ᠲᠤᠷ᠎ᠠ ᠪᠠᠬ᠎ᠠ ᠶᠢ ᠲᠠᠳᠠᠭᠰᠠᠨ ᠠᠭᠤᠯᠭ᠎ᠠ ᠶᠢ ᠲᠤᠬᠢᠷᠠᠭᠤᠯᠪᠠ᠃ ᠲᠤᠰ ᠤᠳᠠᠭ᠎ᠠ ᠪᠠᠰᠠ ᠮᠤᠷᠢ ᠤᠨᠤᠵᠤ ᠪᠠᠶᠢᠭᠠᠳ ᠰᠤᠷ ᠬᠠᠷᠪᠤᠬᠤ ᠤᠷᠤᠯᠳᠤᠭᠠᠨ ᠢ ᠠᠩᠬ᠎ᠠ ᠤᠳᠠᠭ᠎ᠠ ᠲᠤᠬᠢᠷᠠᠭᠤᠯᠵᠦ᠂ ᠪᠡᠭᠡᠵᠢᠩ ᠂ ᠬᠦᠯᠦᠨ ᠪᠤᠶᠢᠷ᠂ ᠲᠦᠩᠯᠢᠶᠤᠤ᠂ ᠰᠢᠯᠢ ᠶᠢᠨ ᠭᠤᠤᠯ ᠵᠡᠷᠭᠡ ᠭᠠᠵᠠᠷ ᠤᠷᠤᠨ ᠤ 23 ᠰᠤᠷ ᠬᠠᠷᠪᠤᠭᠴᠢ ᠶᠢ ᠤᠷᠤᠯᠴᠠᠭᠤᠯᠵᠦ᠂ ᠨᠠᠭᠠᠳᠤᠮ ᠤᠨ ᠤᠷᠤᠯᠳᠤᠭᠠᠨ ᠳᠤ ᠬᠦᠭ ᠨᠡᠮᠡᠷᠢᠯᠡᠭᠦᠯᠵᠡᠢ᠃
   ᠨᠠᠭᠠᠳᠤᠮ ᠤᠨ ᠬᠤᠭᠤᠴᠠᠭᠠᠨ ᠳᠤ ︽ᠨᠢᠭᠡ ᠪᠦᠰᠡ ᠨᠢᠭᠡ ᠵᠠᠮ︾ ᠳᠠᠬᠢ ᠮᠤᠩᠭᠤᠯ ᠤᠯᠤᠰ᠂ ᠫᠠᠺᠢᠰᠲ᠋ᠠᠨ᠂ ᠡᠨᠡᠳᠭᠡᠭ᠂ ᠤᠷᠤᠰ ᠵᠡᠷᠭᠡ 12 ᠤᠯᠤᠰ ᠤᠨ ᠵᠢᠭᠤᠯᠴᠢᠯᠠᠯ ᠬᠤᠳᠠᠯᠳᠤᠭᠠᠨ ᠤ ᠪᠦᠯᠬᠦᠮ ᠤᠨ ᠬᠢᠨ ᠡᠯᠪᠡᠭ ᠪᠠᠶᠠᠯᠢᠭ ᠲᠠᠸᠠᠷ ᠬᠠᠩᠭᠠᠵᠦ᠂ ᠲᠤᠰ ᠤᠳᠠᠭᠠᠨ ᠤ ᠨᠠᠭᠠᠳᠤᠮ ᠢ ᠬᠦᠮᠦᠨ ᠠᠷᠠᠳ ᠢᠶᠠᠨ ᠪᠠᠶᠠᠰᠬᠠᠭᠰᠠᠨ ᠲᠡᠯᠭᠡᠷ ᠰᠠᠶᠢᠬᠠᠨ ᠨᠠᠭᠠᠳᠤᠮ ᠪᠤᠯᠭᠠᠬᠰᠠᠨ ᠪᠠᠶᠢᠨ᠎ᠠ᠃ ᠨᠠᠭᠠᠳᠤᠮ ᠳᠤ ᠬᠦᠷᠦᠯᠴᠡᠨ ᠢᠷᠡᠭᠰᠡᠨ ᠵᠢᠭᠤᠯᠴᠢᠯᠠᠭᠴᠢᠳ ᠪᠤᠳᠠᠰ ᠤᠨ ᠪᠤᠰᠦ ᠰᠤᠶᠤᠯ ᠤᠨ ᠦᠪ ᠢ ᠪᠡᠶᠡᠴᠢᠯᠡᠨ ᠤᠶᠢᠯᠠᠭᠠᠬᠤ ᠂ ᠴᠠᠭᠠᠨ ᠢᠳᠡᠭᠡᠨ ᠬᠢᠬᠦ ᠪᠠ ᠪᠤᠷᠤᠯᠠᠭᠤᠯᠬᠤ ᠵᠡᠷᠭᠡ ᠠᠵᠢᠯᠯᠠᠭ᠎ᠠ ᠳᠤ ᠤᠷᠤᠯᠴᠠᠵᠦ᠂ ᠬᠢᠩᠭᠠᠨ ᠲᠠᠪᠠᠭᠠᠨ ᠳᠠᠬᠢ ᠬᠢᠩᠭᠠᠨ ᠠᠶᠢᠮᠠᠭ ᠢ ᠠᠮᠢ ᠠᠬᠤᠢ᠂ ᠰᠤᠶᠤᠯ᠂ ᠵᠢᠭᠤᠯᠴᠢᠯᠠᠯ ᠵᠡᠷᠭᠡ ᠤᠯᠠᠨ ᠲᠠᠯ᠎ᠠ ᠪᠠᠷ ᠬᠦᠢᠴᠡᠳ ᠤᠶᠢᠯᠠᠭᠠᠭᠰᠠᠨ ᠪᠠᠶᠢᠨ᠎ᠠ᠃ᠨᠠᠭᠠᠳᠤᠮ ᠤᠨ ᠶᠡᠭᠡ ᠬᠤᠷᠠᠯ ᠨᠢ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠤᠬᠰᠠᠨ ᠦᠪᠡᠳᠡᠭᠰᠢ ᠶᠡᠭᠡ ᠨᠠᠶᠢᠷ ᠪᠤᠯᠤᠬᠰᠠᠨ ᠢᠶᠠᠷ ᠪᠠᠷᠠᠬᠤ ᠦᠭᠡᠢ ᠬᠢᠩᠭᠠᠨ ᠠᠶᠢᠮᠠᠭ ᠤᠨ ᠡᠯ᠎ᠡ ᠦᠨᠳᠦᠰᠦᠳᠡᠨ ᠤ ᠬᠥᠪᠡᠭᠦᠳ ᠥᠬᠢᠳ ᠤᠨ ᠵᠤᠯ ᠵᠢᠷᠭᠠᠯᠳᠦ ᠠᠮᠢᠳᠤᠷᠠᠯ ᠢᠶᠠᠨ ᠮᠠᠭᠳᠠᠨ ᠲᠠᠭᠤᠯᠠᠬᠰᠠᠨ ᠨᠢᠵᠢᠬᠢᠷ ᠶᠡᠭᠡ ᠨᠠᠶᠢᠷ ᠪᠤᠯᠵᠠᠢ᠃ ᠮᠦᠨ ᠴᠤ ᠤᠮᠠᠷᠠᠳᠦ ᠬᠢᠯᠢ ᠶᠢᠨ ᠰᠤᠶᠤᠯ ᠢ ᠢᠯᠡᠷᠡᠬᠦᠯᠬᠦ᠂ ᠬᠠᠮᠳᠦ ᠶᠢᠨ ᠤᠶᠤᠨ ᠰᠠᠨᠠᠭᠠᠨ ᠤ ᠭᠡᠷ ᠤᠷᠤᠨ ᠢ ᠪᠠᠶᠢᠭᠤᠯᠬᠤ᠂ ᠬᠢᠩᠭᠠᠨ ᠠᠶᠢᠮᠠᠭ ᠤᠨ ᠵᠢᠭᠤᠯᠴᠢᠯᠠᠯ ᠤᠨ ᠦᠢᠯᠡᠰ ᠪᠠ ᠪᠦᠬᠦ ᠤᠯᠠᠷᠢᠯ ᠤᠨ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢ ᠠᠬᠢᠭᠤᠯᠬᠤ ᠴᠢᠬᠤᠯᠠ ᠲᠠᠪᠴᠠᠩ ᠪᠤᠯᠤᠬᠰᠠᠨ ᠪᠠᠶᠢᠨ᠎ᠠ᠃                             ᠲᠤᠯᠭᠠᠭᠤᠷᠢ   ᠰᠡᠷᠬᠦᠯᠡᠩ ᠰᠡᠬᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号