ᠡᠾᠧ ᠫᠢᠩ ᠵᠡᠬᠡᠯᠢ ᠤᠯᠠᠨ ᠠᠷᠭ᠎ᠠ ᠠᠪᠴᠠᠯ ᠢᠶᠠᠷ ᠡᠶ᠎ᠡ ᠨᠠᠶᠢᠷᠳᠠᠢ ᠨᠡᠶᠢᠬᠡᠮ ᠲᠤᠭᠤᠷᠢᠭ ᠢ ᠴᠤᠬᠴᠠᠯᠠᠵᠦ ᠪᠤᠢ
ᠨᠡᠶᠢᠲᠡᠯᠡᠭᠰᠡᠨ ᠴᠠᠭ᠄
2024/8/14
   ᠤᠯᠠᠭᠠᠨᠬᠤᠳᠠ ᠶᠢᠨ ᠡᠾᠧ ᠫᠢᠩ ᠵᠡᠬᠡᠯᠢ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠪᠠᠷ ᠭᠤᠤᠯ ᠰᠢᠵᠢᠮ ᠪᠤᠯᠭᠠᠵᠦ᠂ ᠨᠠᠮ ᠤᠨ ᠵᠤᠬᠢᠶᠠᠨ ᠪᠠᠶᠢᠭᠤᠯᠤᠯᠳᠠ ᠶᠢᠨ ᠪᠠᠬᠢᠯᠡᠯᠳᠡ ᠶᠢᠨ ᠦᠢᠯᠡᠳᠦᠯ ᠢ ᠪᠦᠷᠢᠮᠦᠰᠦᠨ ᠪᠠᠳᠠᠷᠠᠭᠤᠯᠵᠦ᠂ ᠦᠢᠯᠡᠴᠢᠯᠡᠬᠡᠨ ᠤ ᠬᠢᠷᠢ ᠲᠦᠪᠰᠢᠨ ᠢᠶᠠᠨ ᠲᠠᠰᠦᠷᠠᠯᠳᠠ ᠦᠬᠡᠢ ᠲᠡᠭᠡᠭᠰᠢᠯᠡᠬᠦᠯᠦᠨ᠂ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠲᠤ ᠰᠢᠯᠢᠳᠡᠭ ᠦᠢᠯᠡᠴᠢᠯᠡᠭᠡ ᠪᠠ ᠨᠠᠷᠢᠯᠢᠬᠵᠢᠬᠰᠠᠨ ᠬᠠᠮᠢᠶᠠᠷᠦᠯᠳᠠ ᠬᠠᠨᠭ᠍ᠭᠠᠵᠦ᠂ ᠤᠯᠠᠨ ᠠᠷᠭ᠎ᠠ ᠠᠪᠴᠠᠯ ᠢᠶᠠᠷ ᠰᠢᠨ᠎ᠠ ᠴᠠᠭ ᠦᠶ᠎ᠡ ᠶᠢᠨ ᠡᠶ᠎ᠡ ᠨᠠᠶᠢᠷᠳᠠᠢ ᠨᠡᠶᠢᠬᠡᠮ ᠲᠤᠭᠤᠷᠢᠭ ᠤᠨ ᠰᠢᠨ᠎ᠠ ᠬᠠᠭᠤᠳᠠᠰᠦ ᠶᠢ ᠪᠢᠴᠢᠭᠯᠡᠵᠦ ᠪᠠᠶᠢᠨ᠎ᠠ᠃    ᠤᠶᠢᠷ᠎ᠠ ᠶᠢᠨ ᠡᠳᠦᠷ᠂ ᠤᠯᠠᠭᠠᠨᠬᠤᠳᠠ ᠶᠢᠨ ᠡᠾᠧ ᠫᠢᠩ ᠵᠡᠬᠡᠯᠢ ᠶᠢᠨ ᠬᠤᠩ ᠶᠦᠨ ᠨᠡᠶᠢᠬᠡᠮ ᠲᠤᠭᠤᠷᠢᠭ ᠲᠤ᠂ ᠨᠡᠶᠢᠬᠡᠮ ᠲᠤᠭᠤᠷᠢᠭ ᠤᠨ ᠨᠠᠮ ᠤᠨ ᠬᠡᠰᠢᠬᠦᠨ ᠺᠠᠳ᠋ᠷᠴᠤᠳ ᠰᠠᠭᠤᠭᠠᠯᠢ ᠠᠷᠠᠳ ᠪᠤᠯᠤᠨ ᠠᠳᠠᠯ ᠠᠬᠤᠢ ᠶᠢᠨ ᠵᠢᠭᠤᠷᠠᠯᠳᠤᠭᠠᠨ᠂ ᠠᠶᠢᠯ ᠰᠠᠭᠠᠬᠠᠯᠳᠠ ᠶᠢᠨ ᠬᠤᠭᠤᠷᠤᠨᠳᠤᠬᠢ ᠵᠢᠭᠤᠷᠠᠯᠳᠤᠭᠠᠨ᠂ ᠨᠠᠰᠦᠳᠠᠶᠢᠴᠤᠳ ᠲᠤ ᠦᠢᠯᠡᠴᠢᠯᠡᠬᠦ ᠵᠡᠷᠬᠡ ᠠᠷᠠᠳ ᠤᠯᠠᠨ ᠤ ᠪᠠᠴᠢᠮ ᠰᠶᠢᠳᠪᠦᠷᠢᠯᠡᠬᠦ ᠴᠢᠬᠤᠯᠠᠳᠠᠢ ᠠᠰᠠᠭᠤᠳᠠᠯ ᠤᠨ ᠲᠤᠭᠤᠷᠢᠨ ᠳᠤ ᠶᠠᠷᠢᠯᠴᠠᠯᠭ᠎ᠠ ᠦᠷᠨᠢᠬᠦᠯᠵᠡᠢ᠃    ᠬᠤᠩ ᠶᠦᠨ ᠨᠡᠶᠢᠬᠡᠮ ᠲᠤᠭᠤᠷᠢᠭ ᠤᠨ ᠨᠠᠮ ᠤᠨ ᠶᠡᠷᠦᠩᠭᠡᠢ ᠡᠬᠦᠷ ᠤᠨ ᠲᠡᠳ᠋ ᠱᠦᠵᠢ ᠯᠢᠤ ᠰᠢᠶᠤᠤ ᠬᠤᠩ᠄ ︽ᠤᠯᠠᠨ ᠲᠦᠮᠡᠨ ᠤ ᠰᠡᠳᠬᠢᠯ ᠤᠨ ᠦᠬᠡ ᠶᠢ ᠰᠤᠨᠤᠰᠴᠦ᠂ ᠤᠯᠠᠨ ᠲᠦᠮᠡᠨ ᠤ ︿ᠪᠠᠴᠢᠮᠳᠠᠵᠦ ᠲᠦᠪᠡᠭᠳᠡᠵᠤ ᠵᠤᠪᠠᠨᠢᠵᠦ ᠬᠦᠰᠡᠵᠦ﹀ ᠪᠠᠶᠢᠭ᠎ᠠ ᠠᠰᠠᠭᠤᠳᠠᠯ ᠢ ᠪᠦᠳᠦᠮᠵᠢᠳᠡᠢ ᠰᠶᠢᠳᠪᠦᠷᠢᠯᠡᠬᠦ ᠶᠢᠨ ᠲᠦᠯᠦᠬᠡ᠂ ᠪᠢᠳᠡ ᠠᠷᠠᠳᠴᠢᠯᠠᠯ ᠢᠶᠠᠷ ᠤᠴᠢᠷ ᠰᠶᠢᠳᠪᠦᠷᠢᠯᠡᠬᠦ ᠲᠠᠩᠬᠢᠮ ᠢ ᠢᠳᠡᠪᠬᠢᠳᠡᠢ ᠪᠠᠶᠢᠭᠤᠯᠵᠦ᠂ ᠨᠢᠬᠡ ᠲᠠᠯ᠎ᠠ ᠪᠠᠷ ᠢᠶᠠᠨ ᠲᠡᠳᠡᠨ ᠤ ᠬᠦᠰᠡᠯ ᠡᠷᠡᠮᠡᠯᠵᠡᠯ ᠢ ᠤᠶᠢᠯᠠᠭᠠᠵᠦ᠂ ᠨᠦᠬᠦᠬᠡ ᠲᠠᠯ᠎ᠠ ᠪᠠᠷ ᠢᠶᠠᠨ ᠨᠠᠮ ᠤᠨ ᠬᠡᠰᠢᠬᠦᠨ ᠺᠠᠳ᠋ᠷᠴᠤᠳ ᠬᠦᠴᠦᠨ ᠢᠶᠠᠨ ᠬᠠᠮᠳᠤᠳᠬᠠᠨ ᠡᠬᠢ ᠪᠠᠶ᠋ᠯᠢᠭ ᠢ ᠬᠠᠮᠳᠤᠪᠡᠷ ᠡᠳ᠋ᠯᠡᠨ ᠤᠯᠠᠨ ᠲᠦᠮᠡᠨ ᠳᠤ ᠬᠠᠮᠳᠤᠪᠡᠷ ᠦᠢᠯᠡᠴᠢᠯᠡᠵᠦ᠂ ᠨᠠᠮ ᠤᠨ ᠪᠠᠶᠢᠭᠤᠯᠤᠯᠳᠠ ᠪᠠᠷ ᠤᠯᠠᠨ ᠲᠠᠯ᠎ᠠ ᠶᠢ ᠤᠳᠤᠷᠢᠳᠤᠬᠰᠠᠨ ᠬᠠᠮᠳᠤᠪᠡᠷ ᠪᠠᠶᠢᠭᠤᠯᠤᠨ ᠬᠠᠮᠳᠤᠪᠡᠷ ᠡᠳ᠋ᠯᠡᠬᠦ ᠨᠡᠶᠢᠬᠡᠮ ᠲᠤᠭᠤᠷᠢᠭ ᠤᠨ ᠵᠠᠰᠠᠯᠳᠠ ᠶᠢᠨ ᠵᠠᠬᠪᠦᠷ ᠢ ᠦᠨᠡᠨ ᠬᠦ ᠪᠦᠷᠢᠯᠳᠦᠬᠦᠯᠵᠡᠢ︾ ᠬᠡᠵᠦ ᠰᠤᠷᠪᠤᠯᠵᠢᠯᠠᠬᠴᠢ ᠳᠤ ᠶᠠᠷᠢᠵᠦ ᠪᠠᠶᠢᠯ᠎ᠠ᠃    ᠤᠶᠢᠷ᠎ᠠ ᠶᠢᠨ ᠬᠡᠳᠦᠨ ᠵᠢᠯ᠂ ᠡᠾᠧ ᠫᠢᠩ ᠵᠡᠬᠡᠯᠢ ᠶᠢᠨ ᠡᠯ᠎ᠡ ᠨᠡᠶᠢᠬᠡᠮ ᠲᠤᠭᠤᠷᠢᠭ ᠤᠨ ᠨᠠᠮ ᠤᠨ ᠵᠤᠬᠢᠶᠠᠨ ᠪᠠᠶᠢᠭᠤᠯᠤᠯᠳᠠ ᠲᠤᠬᠳᠠᠬᠰᠠᠨ ᠬᠤᠭᠤᠴᠠᠭ᠎ᠠ ᠲᠠᠢ ᠪᠠᠷ ᠰᠠᠭᠤᠭᠠᠯᠢ ᠠᠷᠠᠳ ᠤᠨ ᠬᠤᠷᠠᠯ᠂ ᠠᠳᠠᠯ ᠠᠬᠤᠢ ᠶᠢᠨ ᠺᠤᠮᠫᠠᠨᠢ ᠂ ᠲᠠᠭᠠᠭᠠᠴᠢᠯᠠᠵᠦ ᠠᠪᠤᠬᠰᠠᠨ ᠪᠠᠶᠢᠭᠤᠯᠭ᠎ᠠ᠂ ᠰᠠᠭᠤᠭᠠᠯᠢ ᠠᠷᠠᠳ ᠤᠨ ᠲᠦᠯᠦᠭᠡᠯᠡᠭᠴᠢ ᠶᠢᠨ ᠬᠤᠷᠠᠯ ᠵᠠᠷᠬᠡ ᠶᠢ ᠬᠤᠷᠠᠯᠳᠤᠭᠤᠯᠵᠦ᠂ ᠪᠠᠭ᠎ᠠ ᠲᠤᠭᠤᠷᠢᠭ ᠤᠨ ᠠᠳᠠᠯ ᠠᠬᠤᠢ ᠶᠢᠨ ᠬᠦᠴᠢᠷ ᠠᠰᠠᠭᠤᠳᠠᠯ᠂ ᠰᠠᠭᠤᠭᠠᠯᠢ ᠠᠷᠠᠳ ᠤᠨ ᠵᠦᠷᠢᠴᠡᠯ ᠵᠢᠭᠤᠷᠠᠯᠳᠤᠭᠠᠨ ᠤ ᠲᠤᠭᠤᠷᠢᠨ ᠳᠤ᠂ ᠨᠢᠭᠤᠷᠳᠠᠨ ᠵᠦᠪᠯᠡᠯᠴᠡᠬᠦ ᠪᠠᠷ ᠲᠠᠮᠵᠢᠭᠤᠯᠤᠨ ᠰᠠᠭᠤᠭᠠᠯᠢ ᠠᠷᠠᠳ ᠤᠨ ᠠᠩᠬᠠᠷᠴᠥ ᠪᠠᠶᠢᠭ᠎ᠠ ᠶᠡᠭᠡ ᠪᠠᠭ᠎ᠠ 528 ᠤᠴᠢᠷ ᠢ ᠬᠠᠮᠳᠤᠪᠡᠷ ᠰᠶᠢᠳᠪᠦᠷᠢᠯᠡᠵᠡᠢ᠃ ᠡᠾᠧ ᠫᠢᠩ ᠵᠡᠬᠡᠯᠢ ᠶᠢᠨ ᠨᠠᠮ ᠤᠨ ᠠᠵᠢᠯ ᠤᠨ ᠵᠦᠪᠯᠡᠯ ᠤᠨ ︽ᠠᠨᠠᠷ ᠤᠨ ᠦᠷ᠎ᠡ︾ ᠠᠶᠢᠯ ᠰᠠᠭᠠᠬᠠᠯᠳᠠ ᠶᠢᠨ ᠰᠤᠶᠤᠯ ᠤᠨ ᠴᠤᠬᠯᠠᠭᠠᠨ ᠤ ᠨᠡᠷ᠎ᠡ ᠲᠡᠮᠳᠡᠭᠳᠤ ᠶᠢᠨ ᠠᠵᠢᠯᠯᠠᠭ᠎ᠠ ᠳᠤ᠂ ᠡᠯ᠎ᠡ ᠦᠨᠳᠦᠰᠦᠳᠡᠨ ᠤ ᠤᠯᠠᠨ ᠲᠦᠮᠡᠨ ᠢ ᠵᠤᠬᠢᠶᠠᠨ ᠪᠠᠶᠢᠭᠤᠯᠤᠨ ᠤᠷᠠᠨ ᠰᠠᠶᠢᠢᠬᠠᠨ ᠤ ᠲᠤᠬᠯᠠᠯᠳᠠ᠂ ᠵᠢᠮᠢᠰ ᠲᠡᠬᠦᠬᠦ ᠨᠠᠶᠢᠷ᠂ ᠪᠤᠯᠪᠠᠰᠦᠨ ᠠᠶᠢᠯ ᠰᠠᠭᠠᠬᠠᠯᠳᠠ ᠶᠢᠨ ᠨᠠᠶᠢᠷ ᠵᠡᠷᠭᠡ ᠠᠵᠢᠯᠯᠠᠭ᠎ᠠ ᠶᠢ ᠵᠠᠭᠤ ᠭᠠᠷᠦᠢ ᠤᠳᠠᠭ᠎ᠠ ᠦᠷᠨᠢᠬᠦᠯᠵᠦ᠂ ᠨᠡᠶᠢᠳᠡ 2 ᠲᠦᠮᠡ ᠭᠠᠷᠦᠢ ᠬᠦᠮᠦᠨ ᠢ ᠲᠠᠶᠢᠴᠢᠯᠠᠨ᠂ ᠦᠨᠳᠦᠰᠦᠨ ᠱᠠᠳᠦᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠪᠠᠬᠢᠯᠡᠯᠳᠡ ᠶᠢᠨ ᠦᠢᠯᠡᠳᠦᠯ ᠢ ᠪᠦᠷᠢᠮᠦᠰᠦᠨ ᠪᠠᠳᠠᠷᠠᠭᠤᠯᠤᠬᠰᠠᠨ ᠪᠠᠶᠢᠨ᠎ᠠ᠃    ᠤᠯᠠᠨ ᠲᠦᠮᠡᠨ ᠤ ᠲᠡᠷᠬᠡᠳᠡᠬᠢ ᠪᠠᠭ᠎ᠠ ᠤᠴᠢᠷ ᠢ ᠰᠶᠢᠳᠪᠦᠷᠢᠯᠡᠬᠦ ᠠᠴᠠ ᠨᠡᠶᠢᠬᠡᠮ ᠲᠤᠭᠤᠷᠢᠭ ᠤᠨ ᠰᠤᠶᠤᠯ ᠤᠨ ᠦᠷᠨᠢᠩᠬᠦᠢ ᠬᠦᠭᠵᠢᠯᠳᠡ ᠶᠢ ᠠᠬᠢᠭᠤᠯᠬᠤ᠂ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠤᠨ ᠪᠤᠳᠠᠳᠠᠢ ᠱᠠᠭᠠᠷᠳᠠᠯᠭ᠎ᠠ ᠳᠤ ᠠᠩᠬᠠᠷᠦᠯ ᠢᠶᠠᠨ ᠲᠦᠪᠯᠡᠷᠡᠬᠦᠯᠬᠦ ᠠᠴᠠ ᠡᠯ᠎ᠡ ᠦᠨᠳᠦᠰᠦᠳᠡᠨ ᠤ ᠬᠤᠭᠤᠷᠤᠨᠳᠤᠬᠢ ᠠᠭᠤᠰᠤᠯᠴᠠᠯ ᠢ ᠠᠬᠢᠭᠤᠯᠬᠤ ᠳᠤ ᠡᠾᠧ ᠫᠢᠩ ᠵᠡᠬᠡᠯᠢ ᠶᠢᠨ ᠠᠵᠢᠯ ᠤᠨ ᠵᠦᠪᠯᠡᠯ ᠪᠤᠳᠠᠳᠠᠢ ᠠᠵᠢᠯᠯᠠᠭ᠎ᠠ ᠪᠠᠷ ᠢᠶᠠᠨ ︽ᠠᠷᠠᠳ ᠲᠦᠮᠡᠨ ᠢᠶᠠᠷ ᠭᠤᠤᠯ ᠪᠤᠯᠭᠠᠬᠤ︾ ᠬᠦᠭᠵᠢᠯᠳᠡ ᠶᠢᠨ ᠦᠵᠡᠯ ᠰᠠᠨᠠᠭ᠎ᠠ ᠶᠢ ᠦᠢᠯᠡᠳᠦᠯᠬᠡᠵᠢᠬᠦᠯᠵᠦ᠂ ᠦᠨᠳᠦᠰᠦᠳᠡᠨ ᠤ ᠪᠦᠯᠬᠦᠮᠳᠡᠯ᠂ ᠨᠡᠶᠢᠬᠡᠮ ᠤᠨ ᠡᠶ᠎ᠡ ᠨᠠᠶᠢᠷᠠᠮᠳᠠᠭᠤ᠂ ᠠᠷᠠᠳ ᠤᠨ ᠵᠢᠷᠭᠠᠯᠳᠤ ᠠᠮᠢᠳᠦᠷᠠᠯ ᠤᠨ ᠭᠤᠶᠤ ᠵᠢᠷᠤᠭ ᠢ ᠪᠦᠬᠦ ᠬᠦᠴᠦ ᠪᠠᠷ ᠵᠢᠷᠤᠬᠯᠠᠵᠦ ᠪᠠᠶᠢᠨ᠎ᠠ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号