ᠤᠮᠠᠷᠠᠳᠤ ᠬᠢᠯᠢ ᠶᠢᠨ ᠰᠤᠶᠤᠯ —  ᠢᠯᠠᠯᠲᠠ ᠪᠠᠯᠭᠠᠰᠤ ᠶᠢᠨ ᠫᠢᠸᠤ᠋ ᠶᠢᠨ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2024/8/15
    8 ᠰᠠᠷ᠎ᠠ ᠶᠢᠨ 13 ᠤ ᠡᠳᠦᠷ᠂ ᠢᠯᠠᠯᠳᠠ ᠪᠠᠯᠭᠠᠰᠤᠨ ᠳᠤ ᠢᠯᠠᠯᠲᠠ ᠫᠢᠸᠤ᠋ ᠶᠢᠨ ᠨᠠᠶᠢᠷ ᠡᠬᠢᠯᠡᠵᠦ᠂ ᠲᠤᠬᠠᠢ ᠶᠢᠨ ᠲᠠᠯᠠᠪᠠᠢ ᠳᠤ ᠡᠯ᠎ᠡ ᠵᠤᠶᠢᠯ ᠤᠨ ᠠᠮᠲᠠᠲᠤ ᠢᠳᠡᠭᠡᠨ᠂ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠵᠢᠴᠢ ᠪᠠᠶᠠᠷ ᠤᠨ ᠡᠳᠦᠷ ᠤᠨ ᠠᠭᠤᠷ ᠠᠮᠢᠰᠬᠤᠯ ᠨᠢ ᠮᠠᠰᠢ ᠣᠯᠠᠨ ᠵᠢᠭᠤᠯᠴᠢᠯᠠᠭᠴᠢ ᠶᠢᠨ ᠠᠩᠬᠠᠷᠤᠯ ᠢ ᠲᠠᠲᠠᠵᠤ᠂ ᠤᠯᠠᠭᠠᠨᠬᠤᠲᠠ ᠶᠢᠨ ᠰᠥᠨᠢ ᠶᠢᠨ ᠠᠵᠤ ᠠᠬᠤᠢ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃
     ︽ᠠᠯᠢ ᠡᠷᠲᠡ ᠠᠴᠠ ᠢᠯᠠᠯᠲᠠ ᠫᠢᠸᠤ᠋ ᠶᠢᠨ ᠨᠠᠶᠢᠷ ᠢ ᠮᠠᠰᠢ ᠰᠠᠶᠢᠬᠠᠨ ᠭᠡᠵᠤ ᠰᠣᠨᠣᠰᠴᠠᠢ᠂ ᠡᠨᠡ ᠡᠳᠦᠷ ᠲᠤᠰᠬᠠᠶᠢᠯᠠᠨ ᠵᠠᠯᠠᠶᠢᠳ ᠬᠤᠰᠢᠭᠤᠨ ᠠᠴᠠ ᠨᠠᠶᠢᠵᠠ ᠨᠠᠷ ᠲᠠᠢ ᠪᠠᠨ ᠡ᠊ᠨᠳᠡ ᠢᠷᠡᠪᠡ᠂  ᠡ᠊ᠨᠳᠡᠬᠢ ᠣᠷᠴᠢᠨ ᠲᠣᠭᠤᠷᠢᠨ ᠰᠠᠶᠢᠨ᠂ ᠠᠭᠤᠷ ᠠᠮᠢᠰᠬᠤᠯ ᠴᠤ ᠰᠠᠶᠢᠨ᠂ ᠫᠢᠸᠤ᠋ ᠨᠢ ᠠᠮᠳᠠᠳᠠᠢ᠂ ᠰᠢᠷᠠᠯᠭ᠎ᠠ ᠨᠢ ᠨᠠᠩ ᠠᠮᠲᠠᠲᠠᠢ︾ ᠭᠡᠵᠦ ᠵᠢᠭᠤᠯᠴᠢᠯᠠᠭᠴᠢ ᠸᠠᠩ ᠶᠦᠩ ᠴᠦᠨ ᠪᠠᠶᠠᠷᠲᠠᠢ ᠬᠡᠯᠡᠪᠡ᠃
      ᠫᠢᠸᠤ᠋ ᠶᠢᠨ ᠨᠠᠶᠢᠷ ᠤᠨ ᠲᠤᠬᠠᠢ ᠶᠢᠨ ᠲᠠᠯᠠᠪᠠᠢ ᠳᠤ᠂ ᠶᠠᠩᠵᠤ ᠶᠠᠩᠵᠤ ᠶᠢᠨ ᠫᠢᠸᠤ᠋ ᠪᠦᠷ ᠪᠠᠶᠢᠵᠤ᠂ ᠡᠯ᠎ᠡ ᠵᠦᠢᠯ ᠤᠨ ᠰᠢᠷᠠᠮᠠᠯ ᠢᠳᠡᠭᠡᠨ ᠨᠢ ᠬᠦᠮᠦᠰ ᠤᠨ ᠰᠢᠯᠦᠰᠦ ᠶᠢ ᠭᠤᠭᠤᠵᠢᠭᠤᠯᠤᠨ᠎ᠠ᠃ ᠬᠤᠲᠠ ᠶᠢᠨ ᠠᠷᠠᠳ ᠵᠢᠭᠤᠯᠴᠢᠯᠠᠭᠰᠠᠳ ᠪᠠᠶᠠᠷᠯᠠᠨ ᠢᠨᠢᠶᠡᠯᠴᠡᠬᠦ ᠲᠠᠭᠤᠨ ᠳᠤ  ᠫᠢᠸᠤ᠋ ᠤᠤᠭᠤᠵᠤ  ᠂ ᠦᠳᠡᠰᠢ ᠶᠢᠨ ᠲᠠᠭᠠᠯᠠᠮᠵᠢᠲᠠᠶ ᠰᠠᠶᠢᠬᠠᠨ ᠢ ᠡᠳ᠋ᠯᠡᠨ᠎ᠡ᠃
     ᠤᠯᠠᠭᠠᠨᠬᠤᠲᠠ ᠶᠢᠨ ᠢᠯᠠᠯᠲᠠ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠣᠣ ᠯᠢᠶᠠᠩ ᠠᠴᠠ᠂ ᠫᠢᠸᠤ᠋ ᠶᠢᠨ ᠨᠠᠶᠢᠷ ᠢ ᠡᠷᠭᠢᠯᠡᠭᠰᠡᠨ ᠨᠢ ᠢᠯᠠᠯᠲᠠ ᠪᠠᠯᠭᠠᠰᠤᠨ ᠤ ᠠᠯᠳᠠᠷᠰᠢᠯ ᠵᠢᠴᠢ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠬᠠᠮᠲᠤ ᠫᠢᠸᠤ᠋ ᠵᠢᠴᠢ ᠲᠠᠷᠢᠶᠠᠯᠠᠩ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠤ ᠵᠢᠭᠤᠯᠴᠢᠯᠠᠯ ᠤᠨ ᠬᠡᠷᠡᠭᠯᠡᠭᠡ ᠵᠢᠴᠢ ᠰᠥᠨᠢ ᠶᠢᠨ ᠠᠵᠤ ᠠᠬᠤᠢ ᠶᠢᠨ ᠬᠡᠷᠡᠭᠯᠡᠭᠡ ᠶᠢ ᠨᠡᠮᠡᠭᠳᠡᠬᠦᠯᠤᠨ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠠᠮᠢᠵᠢᠷᠠᠯ ᠤᠨ ᠬᠦᠴᠦᠨ ᠢ ᠢᠯᠡᠷᠡᠭᠦᠯᠵᠦ᠂ ᠠᠷᠠᠳ ᠤᠯᠠᠨ ᠪᠣᠯᠤᠨ ᠵᠢᠭᠤᠯᠴᠢᠯᠠᠭᠰᠠᠳ ᠲᠤ ᠨᠡᠩ ᠤᠯᠠᠨ ᠡᠰᠢᠴᠢᠯᠡᠭᠰᠡᠨ᠂ ᠴᠢᠨᠠᠷ ᠰᠠᠶᠢᠲᠠᠢ ᠬᠡᠷᠡᠭᠯᠡᠭᠡᠨ ᠤ ᠣᠶᠢᠯᠠᠭᠠᠯᠲᠠ ᠶᠢ ᠠᠪᠴᠢᠷᠠᠬᠤ ᠶᠢᠨ ᠲᠥᠯᠥᠭᠡ ᠶᠤᠮ ᠭᠡᠵᠦ ᠢᠯᠡᠷᠬᠡᠶᠢᠯᠡᠵᠡᠢ ᠃  
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号