| ᠵᠤᠨ ᠤ ᠲᠡᠯᠭᠡᠷ ᠰᠠᠶᠢᠬᠠᠨ ᠤᠯᠠᠷᠢᠯ ᠳᠤ᠂ ᠰᠤᠷᠪᠤᠯᠵᠢᠯᠠᠭᠴᠢ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ | ᠬᠤᠲᠠ ᠶᠢᠨ ᠠᠶᠢᠯ ᠭᠠᠴᠠᠭ᠎ᠠ ᠪᠠᠷ ᠬᠦᠷᠬᠦ ᠳᠤ ᠲᠤᠲᠤᠷᠭᠠᠨ ᠦᠨᠦᠷ ᠬᠠᠩᠬᠤᠯᠵᠤ᠂ ᠨᠣᠮᠢᠨ ᠨᠣᠭᠤᠭᠠᠨ ᠲᠤᠲᠤᠷᠭᠠᠨ | ᠲᠠᠷᠢᠶ᠎ᠠ ᠨᠢ ᠬᠥᠬᠡ ᠴᠡᠩᠭᠡᠷ ᠣᠭᠲᠠᠷᠭᠤᠶ ᠲᠠᠢ ᠦᠩᠭᠡ ᠢᠯᠭᠠᠷᠠᠨ ᠵᠢᠷᠤᠭ ᠮᠡᠲᠦ ᠭᠤᠶᠤᠬᠠᠨ ᠬᠠᠷᠠᠭᠳᠠᠨ᠎ᠠ᠃ | ᠲᠠᠷᠢᠶᠠᠴᠢᠳ ᠲᠠᠷᠢᠶᠠᠨ ᠳᠤ ᠪᠠᠨ ᠬᠥᠳᠡᠯᠮᠦᠷᠢᠯᠡᠵᠦ ᠦᠭᠡᠢ᠂ ᠬᠠᠮᠢᠭ᠎ᠠ ᠣᠴᠢᠭᠰᠠᠨ ᠪᠤᠯ︖ ᠭᠠᠴᠠᠭ᠎ᠠ ᠪᠠᠷ | ᠬᠦᠷᠴᠤ ᠬᠠᠷᠢᠭᠤᠯᠲᠠ ᠣᠯᠤᠯ᠎ᠠ᠃ | | ᠭᠠᠴᠠᠭᠠᠨ ᠤ ᠠᠷᠠᠳ ᠶᠢᠨ ᠰᠦᠸᠧ ᠴᠡᠪᠡᠷ ᠴᠡᠮᠴᠡᠭᠡᠷ ᠬᠦᠷᠢᠶ᠎ᠡ ᠬᠠᠰᠢᠶᠠᠨ ᠳᠤ ᠪᠠᠨ ᠢᠳᠡᠰᠢᠨ ᠨᠣᠭᠤᠭ᠎ᠠ | ᠭᠤᠸ᠎ᠠ ᠵᠢᠮᠢᠰ ᠢᠶᠠᠨ ᠠᠷᠠᠴᠢᠯᠠᠵᠤ ᠶᠠᠭᠠᠷᠠᠯᠳᠤᠨ᠎ᠠ᠂ ᠡᠨᠡ ᠵᠢᠯ ᠬᠤᠷ᠎ᠠ ᠪᠤᠷᠤᠭᠠᠨ ᠰᠠᠶᠢᠨ ᠪᠦᠭᠡᠳ ᠢᠳᠡᠰᠢᠨ | ᠨᠣᠭᠤᠭ᠎ᠠ ᠭᠤᠸ᠎ᠠ ᠵᠢᠮᠢᠰ ᠢᠶᠠᠨ ᠠᠷᠠᠴᠢᠯᠠᠬᠤ ᠭᠦᠢᠴᠡᠳ ᠴᠠᠭ ᠲᠠᠢ ᠪᠤᠯᠤᠭᠰᠠᠨ ᠠᠴᠠ ᠬᠦᠷᠢᠶᠡᠨ ᠳᠣᠲᠣᠷᠠᠬᠢ | ᠲᠥᠪᠡᠳ ᠬᠠᠰᠢ᠂ ᠪᠤᠷᠴᠠᠭ᠂ ᠥᠷᠭᠡᠰᠦᠲᠦ ᠬᠡᠮᠬᠡ ᠶᠢᠨ ᠤᠷᠭᠤᠴᠠ ᠴᠥᠮ ᠮᠠᠰᠢ ᠰᠠᠶᠢᠨ ᠪᠠᠶᠢᠨ᠎ᠠ᠃ ᠶᠢᠨ ᠰᠦᠸᠧ | ᠂ ᠬᠤᠪᠢᠨ ᠤ ᠭᠠᠵᠠᠷ ᠰᠢᠷᠣᠶ ᠪᠠᠨ ᠬᠤᠷᠰᠢᠶ᠎ᠠ ᠳᠤ ᠲᠤᠰᠢᠶᠠᠭᠰᠠᠨ ᠤ ᠳᠠᠷᠠᠭ᠎ᠠ᠂ ᠲᠡᠷᠡ ᠬᠦᠷᠢᠶ᠎ᠡ ᠬᠠᠰᠢᠶᠠᠨ ᠤ ᠠᠵᠤ | ᠠᠬᠤᠶ ᠶᠢ ᠡᠬᠢᠯᠡᠨ ᠰᠤᠳᠤᠯᠵᠤ᠂ ᠢᠳᠡᠰᠢᠨ ᠨᠣᠭᠤᠭ᠎ᠠ ᠪᠤᠯᠪᠠᠰᠤᠷᠠᠭᠰᠠᠨ ᠤ ᠲᠠᠷᠠᠭ᠎ᠠ ᠴᠤᠭᠯᠠᠭ᠎ᠠ ᠮᠠᠶᠢᠮᠠᠶ ᠳᠤ | ᠠᠪᠠᠴᠢᠨ ᠬᠤᠳᠠᠯᠳᠤᠵᠤ ᠬᠡᠷ ᠤᠨ ᠣᠷᠣᠯᠭ᠎ᠠ ᠪᠠᠨ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠶᠡᠭᠡ ᠠᠮᠵᠢᠯᠲᠠ | ᠪᠦᠲᠦᠮᠵᠢ ᠲᠠᠢ ᠰᠠᠨᠠᠭᠳᠠᠭᠤᠯᠤᠨ᠎ᠠ ᠭᠡᠵᠤ ᠢᠨᠢᠶᠡᠮᠰᠦᠭᠯᠡᠨ ᠬᠡᠯᠡᠪᠡ᠃ | 2021 ᠣᠨ ᠳᠤ᠂ ᠶᠢᠨ ᠰᠦᠸᠧ ᠭᠠᠵᠠᠷ ᠰᠢᠷᠣᠶ ᠶᠢᠨ ᠬᠡᠯᠪᠡᠷᠢ ᠪᠠᠷ ︽ᠲᠠᠷᠢᠶᠠᠯᠠᠩ ᠤᠨ ᠬᠤᠯᠪᠣᠭᠠᠲᠤ | ᠴᠣᠭᠴᠠ · ᠬᠤᠷᠰᠢᠶ᠎ᠠ︾ ᠳᠤ ᠬᠤᠪᠢ ᠣᠷᠣᠭᠤᠯᠵᠤ᠂ ᠵᠢᠯ ᠪᠦᠷᠢ 3 ᠲᠦᠮᠡ ᠭᠠᠷᠤᠶ ᠲᠥᠭᠦᠷᠢᠭ ᠤᠨ ᠠᠰᠢᠭ | ᠤᠷᠤᠯᠭ᠎ᠠ ᠤᠯᠵᠤ᠂ ᠲᠠᠷᠢᠶᠠᠯᠠᠩ ᠤᠨ ᠶᠠᠭᠠᠷᠠᠤ ᠦᠶ᠎ᠡ ᠳᠤ ᠬᠤᠷᠰᠢᠶᠠᠵᠢᠯ ᠳᠤ ᠠᠷᠰᠠᠷ ᠠᠵᠢᠯ ᠬᠢᠬᠦ ᠶᠢᠨ ᠬᠠᠮᠲᠤ | ᠬᠡᠷ ᠲᠡᠭᠡᠨ ᠪᠣᠬᠢᠷᠲᠤᠯ ᠥᠬᠡᠶ ᠢᠳᠡᠰᠢᠨ ᠨᠣᠭᠤᠭ᠎ᠠ ᠳᠠᠷᠢᠵᠤ ᠬᠤᠳᠠᠯᠳᠤᠭᠠᠳ ᠨᠡᠯᠢᠶᠡᠳ ᠰᠠᠶᠢᠨ ᠣᠷᠣᠯᠭ᠎ᠠ ᠲᠠᠢ | ᠪᠤᠯᠵᠠᠢ᠃ | | ᠬᠤᠲᠠ ᠶᠢᠨ ᠠᠶᠢᠯ ᠭᠠᠴᠠᠭᠠᠨ ᠤ ᠨᠠᠮ ᠤᠨ ᠡᠭᠦᠷ ᠤᠨ ᠳᠡᠳ᠋ ᠱᠦᠵᠢ᠂ ᠲᠣᠰᠬᠤᠨ ᠤ ᠠᠷᠠᠳ ᠤᠨ | ᠵᠥᠪᠯᠡᠯ ᠤᠨ ᠳᠡᠳ᠋ ᠡᠷᠬᠢᠯᠡᠭᠴᠢ ᠭᠤᠤ ᠵᠥᠩ ᠱᠧᠩ ᠪᠡᠶ᠎ᠡ ᠪᠠᠷ ᠢᠶᠠᠨ ᠶᠢᠨ ᠰᠦᠸᠧ ᠶᠢᠨ ᠬᠡᠷ ᠲᠤ ᠬᠦᠷᠴᠦ᠂ | ᠲᠡᠭᠦᠨ ᠳᠤ ︽ᠲᠠᠷᠢᠶᠠᠯᠠᠩ ᠤᠨ ᠬᠤᠯᠪᠣᠭᠠᠲᠤ ᠴᠣᠭᠴᠠ · ᠬᠤᠷᠰᠢᠶ᠎ᠠ︾ ᠪᠣᠯ ︽ᠨᠠᠮ ᠤᠨ ᠪᠠᠶᠢᠭᠤᠯᠤᠯᠲᠠ ᠪᠠᠷ | ᠲᠠᠶᠢᠴᠢᠯᠡᠨ ᠳᠠᠭᠠᠭᠤᠯᠵᠤ᠂ ᠣᠯᠠᠨ ᠲᠠᠯ᠎ᠠ ᠪᠠᠷ ᠬᠠᠮᠲᠤ ᠪᠠᠷ ᠠᠰᠢᠭ ᠭᠥᠷᠳᠡᠬᠦ︾ ᠪᠠᠶᠠᠵᠢᠯ ᠤᠨ ᠰᠢᠨ᠎ᠡ ᠵᠠᠮ ᠮᠥᠨ᠂ | ᠡᠭᠦᠨ ᠤ ᠵᠣᠷᠢᠯᠭ᠎ᠠ ᠨᠢ ᠳᠠᠷᠤᠶ ᠲᠠᠷᠠᠬᠠᠶ ᠪᠤᠲᠠᠷᠬᠠᠶ ᠣᠯᠠᠨ ᠲᠦᠮᠡᠨ ᠢ ᠵᠣᠬᠢᠶᠠᠨ ᠪᠠᠶᠢᠭᠤᠯᠵᠤ᠂ ᠰᠤᠯᠠ ᠪᠠᠶᠢᠭ᠎ᠠ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂ ᠲᠣᠭᠲᠠᠭᠤᠨ ᠪᠥᠭᠡᠳ ᠥᠨᠳᠥᠷ ᠪᠦᠲᠦᠮᠵᠢᠲᠡᠶ ᠲᠠᠷᠢᠶᠠᠴᠢᠳ ᠤᠨ ᠠᠰᠢᠭ | ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠬᠤ ᠶᠢᠨ ᠲᠥᠯᠥᠭᠡ ᠶᠤᠮ ᠭᠡᠵᠤ ᠲᠠᠨᠢᠯᠴᠠᠭᠤᠯᠪᠠ᠃ ᠨᠠᠮ ᠤᠨ | ᠵᠣᠬᠢᠶᠠᠨ ᠪᠠᠶᠢᠭᠤᠯᠤᠯᠲᠠ ᠶᠢ ᠢᠲᠡᠭᠡᠬᠦ ᠡᠭᠦᠳᠡᠨ ᠠᠴᠠ ᠶᠢᠨ ᠰᠦᠸᠧ ᠲᠤᠷᠰᠢᠨ ᠦᠵᠡᠬᠦ ᠪᠤᠳᠤᠯ ᠢᠶᠠᠷ ᠬᠤᠷᠰᠢᠶ᠎ᠠ | ᠳᠤ ᠣᠷᠣᠪᠠ᠃ | ︽︿ᠲᠠᠷᠢᠶᠠᠯᠠᠩ ᠤᠨ ᠬᠤᠯᠪᠣᠭᠠᠲᠤ ᠴᠣᠭᠴᠠ · ᠬᠤᠷᠰᠢᠶ᠎ᠠ﹀ ᠳᠤ ᠣᠷᠣᠬᠤ ᠪᠣᠯ ᠮᠢᠨᠦ ᠬᠠᠮᠤᠭ ᠤᠨ ᠵᠥᠪ | ᠰᠣᠩᠭᠤᠯᠲᠠ ᠮᠥᠨ ᠭᠡᠳᠡᠭ ᠢ ᠪᠣᠳᠠᠲᠤ ᠶᠠᠪᠤᠳᠠᠯ ᠭᠡᠷᠡᠴᠢᠯᠡᠵᠡᠶ︾᠃ ᠶᠢᠨ ᠰᠦᠸᠧ᠄ ︽ᠬᠤᠷᠰᠢᠶ᠎ᠠ ᠨᠢ ᠪᠢᠳᠡᠨ ᠳᠤ | ᠲᠡᠷᠢᠭᠦᠨ ᠤ ᠦᠢᠯᠡᠳᠪᠦᠷᠢᠯᠡᠯ ᠤᠨ ᠮᠡᠷᠭᠡᠵᠢᠯ ᠬᠠᠩᠭᠠᠵᠤ᠂ ᠲᠠᠷᠢᠶᠠᠯᠠᠭ᠎ᠠ ᠪᠠᠨ ᠪᠦᠬᠦᠨ ᠢ ᠮᠠᠰᠢᠨᠴᠢᠯᠠᠵᠤ᠂ | ᠬᠤᠷᠢᠶᠠᠯᠲᠠ ᠵᠢᠯ ᠳᠠᠷᠠᠭᠠᠯᠠᠨ ᠳᠡᠭᠡᠭᠰᠢᠯᠡᠵᠦ᠂ ᠠᠰᠢᠭ ᠣᠷᠣᠯᠭ᠎ᠠ ᠴᠤ ᠤᠯᠠᠮ ᠠᠴᠠ ᠤᠯᠠᠮ ᠠᠷᠪᠢᠨ ᠪᠣᠯᠪᠠ᠃ | ᠪᠠᠰᠠ ᠰᠤᠯᠠ ᠴᠠᠭ ᠢᠶᠠᠨ ᠠᠰᠢᠭᠯᠠᠨ ᠬᠥᠯᠥᠰᠥᠨ ᠠᠵᠢᠯ ᠬᠢᠵᠤ᠂ ᠨᠣᠭᠤᠭ᠎ᠠ ᠲᠠᠷᠢᠭᠠᠳ ᠤᠷᠤᠯᠭ᠎ᠠ ᠪᠠᠨ | ᠨᠡᠮᠡᠭᠳᠡᠬᠦᠯᠵᠤ ᠪᠠᠶᠢᠨ᠎ᠠ ᠭᠡᠨ᠎ᠠ᠃ | ᠤᠯᠠᠭᠠᠨᠬᠤᠲᠠ ᠳᠤ᠂ ᠶᠢᠨ ᠰᠦᠸᠧ ᠠᠳᠠᠯᠢ ︽ᠲᠠᠷᠢᠶᠠᠯᠠᠩ ᠤᠨ ᠬᠤᠯᠪᠣᠭᠠᠲᠤ ᠴᠣᠭᠴᠠ · ᠬᠤᠷᠰᠢᠶ᠎ᠠ︾ | ᠪᠠᠷ ᠲᠠᠮᠵᠢᠨ ᠠᠰᠢᠭ ᠣᠯᠤᠭᠰᠠᠨ ᠲᠠᠷᠢᠶᠠᠴᠢᠨ 700 ᠰᠢᠬᠠᠮ ᠡᠷᠦᠬᠡ ᠪᠣᠶ᠃ ︽ᠲᠠᠷᠢᠶᠠᠯᠠᠩ ᠤᠨ ᠬᠤᠯᠪᠣᠭᠠᠲᠤ | ᠴᠣᠭᠴᠠ · ᠬᠤᠷᠰᠢᠶ᠎ᠠ︾ ᠨᠢ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠲᠠᠭᠠᠭᠤᠯᠭ᠎ᠠ᠂ ᠰᠢᠨ᠎ᠡ | ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠠ ᠣᠯᠠᠨ | ᠲᠦᠮᠡᠨ ᠤ ᠪᠦᠯᠬᠦᠮ ᠢ ᠣᠷᠭᠠᠨᠢᠭ ᠢᠶᠠᠷ ᠤᠶᠠᠯᠳᠤᠭᠤᠯᠬᠤ ᠪᠠᠷ ᠳᠠᠮᠵᠢᠭᠤᠯᠤᠨ᠂ ᠲᠤᠬᠠᠶ ᠶᠢᠨ ᠭᠠᠵᠠᠷ ᠤᠨ ᠲᠠᠷᠢᠶᠠᠴᠢᠨ | ᠡᠷᠦᠬᠡ ᠶᠢᠨ ᠭᠠᠭᠴᠠ ᠡᠷᠤᠭᠡ ᠪᠠᠷ ᠠᠵᠢᠯᠯᠠᠬᠤ᠂ ᠨᠦᠬᠡᠴᠡ ᠬᠦᠴᠦᠨ ᠬᠦᠷᠦᠯᠴᠡᠬᠦ ᠥᠬᠡᠶ ᠪᠠᠶᠢᠬᠤ ᠵᠡᠷᠭᠡ | ᠠᠰᠠᠭᠤᠳᠠᠯ ᠢ ᠪᠦᠲᠦᠮᠵᠢᠲᠡᠶ ᠰᠢᠢᠳᠪᠤᠷᠢᠯᠡᠵᠤ᠂ ᠭᠠᠴᠠᠭ᠎ᠠ ᠲᠣᠰᠬᠤᠨ ᠤ ᠬᠠᠮᠲᠤ ᠨᠡᠶᠢᠲᠡ ᠪᠠ ᠭᠠᠴᠠᠭ᠎ᠠ | ᠲᠣᠰᠬᠤᠨ ᠤ ᠠᠷᠠᠳ ᠤᠨ ︽ᠬᠤᠤᠰ ᠨᠡᠮᠡᠭᠳᠡᠯ︾ ᠢ ᠪᠡᠶᠡᠯᠡᠭᠦᠯᠪᠡ᠃ | | ᠣᠶᠢᠯᠠᠭᠠᠭᠰᠠᠨ ᠢᠶᠠᠷ᠂ 2024 ᠣᠨ ᠳᠤ᠂ ᠪᠥᠬᠦ ᠬᠤᠲᠠ ᠶᠢᠨ ︽ᠲᠠᠷᠢᠶᠠᠯᠠᠩ ᠤᠨ ᠬᠤᠯᠪᠣᠭᠠᠲᠤ ᠴᠣᠭᠴᠠ | · ᠬᠤᠷᠰᠢᠶ᠎ᠠ︾ ᠶᠢᠨ 10 ᠵᠢᠱᠢᠶ᠎ᠡ ᠦᠵᠡᠭᠦᠯᠬᠦ ᠴᠡᠭ ᠨᠡᠶᠢᠲᠡ 1 ᠲᠦᠮᠡ ᠭᠠᠷᠤᠶ ᠮᠥ ᠭᠠᠵᠠᠷ ᠰᠢᠷᠣᠶ ᠶᠢᠨ | ᠦᠮᠴᠢᠯᠡᠯ ᠤᠨ ᠡᠷᠭᠡ ᠶᠢ ᠰᠢᠯᠵᠢᠬᠦᠯᠵᠤ᠂ 10 ᠭᠠᠴᠠᠭ᠎ᠠ ᠲᠣᠰᠬᠤᠨ ᠤ ᠬᠠᠮᠲᠤ ᠶᠢᠨ ᠣᠷᠣᠯᠭ᠎ᠠ ᠶᠢ 10 ᠲᠦᠮᠡᠨ | ᠲᠥᠭᠦᠷᠢᠭ ᠠᠴᠠ ᠳᠡᠭᠡᠭᠰᠢ ᠪᠠᠶᠢᠬᠤ ᠶᠢ ᠪᠡᠶᠡᠯᠡᠭᠦᠯᠵᠦ᠂ 1000 ᠭᠠᠷᠤᠶ ᠡᠷᠦᠬᠡ ᠶᠢ ᠲᠠᠶᠢᠴᠢᠯᠡᠨ ᠭᠠᠴᠠᠭᠠᠨ ᠤ | ᠠᠷᠠᠳ ᠤᠨ ᠣᠷᠣᠯᠭ᠎ᠠ ᠶᠢ ᠰᠢᠭᠤᠳ 500 ᠲᠦᠮᠡᠨ ᠲᠥᠭᠦᠷᠢᠭ ᠨᠡᠮᠡᠭᠳᠡᠭᠦᠯᠵᠦ᠂ ᠳᠠᠮ ᠢᠶᠠᠷ 4000 ᠲᠦᠮᠡᠨ | ᠲᠥᠭᠦᠷᠢᠭ ᠨᠡᠮᠡᠭᠳᠡᠭᠦᠯᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠲᠡᠶ | ᠲᠤᠯᠭᠠᠭᠤᠷᠢᠯᠠᠯ ᠬᠠᠩᠭᠠᠪᠠ᠃ | |