| ᠠᠷᠠᠳ ᠤᠨ ᠳᠡᠭᠡᠳᠦ ᠰᠢᠭᠦᠬᠦ ᠬᠤᠷᠢᠶ᠎ᠠ ᠠᠴᠠ ᠣᠶᠢᠯᠠᠭᠠᠭᠰᠠᠨ ᠨᠢ᠂ ᠠᠷᠠᠳ ᠤᠨ ᠰᠢᠭᠦᠬᠦ ᠬᠤᠷᠢᠶ᠎ᠠ | ᠨᠠᠰᠤᠨ ᠳᠤ ᠥᠯᠥ ᠭᠦᠷᠦᠭᠰᠡᠳ ᠤᠨ ᠶᠠᠯᠠᠲᠤ ᠠᠵᠢᠯᠯᠠᠭ᠎ᠠ ᠳᠤ ︽ᠰᠤᠷᠭᠠᠨ ᠬᠥᠮᠥᠵᠢᠭᠦᠯᠬᠦ᠂ ᠤᠶᠠᠷᠠᠭᠤᠯᠤᠨ | ᠤᠬᠠᠭᠠᠷᠠᠭᠤᠯᠬᠤ᠂ ᠠᠪᠤᠷᠠᠬᠤ︾ ᠴᠢᠭᠯᠡᠯᠲᠡ ᠪᠠ ︽ᠰᠤᠷᠭᠠᠨ ᠬᠥᠮᠥᠵᠢᠭᠦᠯᠬᠦ ᠪᠠᠷ ᠭᠤᠣᠯᠯᠠᠭᠤᠯᠵᠤ᠂ ᠵᠠᠯᠬᠠᠭᠠᠨ | ᠰᠶᠢᠳᠬᠡᠬᠦ ᠪᠠᠷ ᠬᠠᠪᠰᠤᠷᠤᠮᠵᠢ ᠪᠣᠯᠭᠠᠬᠤ︾ ᠵᠠᠷᠴᠢᠮ ᠢ ᠪᠠᠷᠢᠮᠲᠠᠯᠠᠨ᠂ ᠨᠠᠰᠤᠨ ᠳᠤ ᠥᠯᠥ ᠭᠦᠷᠦᠭᠰᠡᠳ ᠤᠨ ᠪᠡᠶ᠎ᠡ | ᠰᠡᠳᠬᠢᠴᠡ ᠶᠢᠨ ᠣᠨᠴᠠᠯᠢᠭ ᠲᠤ ᠲᠣᠬᠢᠷᠠᠭᠰᠠᠨ ᠰᠢᠭᠦᠨ ᠲᠠᠰᠤᠯᠬᠤ ᠠᠷᠭ᠎ᠠ ᠮᠠᠶ᠋ᠢᠭ ᠢ ᠢᠳᠡᠪᠬᠢᠲᠡᠢ ᠬᠡᠷᠡᠭᠯᠡᠨ᠂ | ᠰᠢᠭᠦᠨ ᠲᠠᠰᠤᠯᠤᠯᠲᠠ ᠨᠢ ᠶᠠᠯ᠎ᠠ ᠬᠢᠭᠰᠡᠨ ᠨᠠᠰᠤᠨ ᠳᠤ ᠥᠯᠥ ᠭᠦᠷᠦᠭᠰᠡᠳ ᠢ ᠵᠠᠯᠬᠠᠭᠠᠨ ᠴᠡᠭᠡᠷᠯᠡᠭᠦᠯᠬᠦ ᠨᠡᠶᠢᠲᠡ ᠶᠢᠨ | ᠲᠠᠩᠬᠢᠮ ᠪᠣᠯᠬᠤ ᠪᠠᠷ ᠪᠠᠷᠠᠬᠤ ᠦᠭᠡᠢ ᠪᠠᠰᠠ ᠠᠪᠤᠷᠠᠨ ᠰᠤᠷᠭᠠᠬᠤ ᠬᠢᠴᠢᠶᠡᠯ ᠤᠨ ᠲᠠᠩᠬᠢᠮ ᠪᠣᠯᠭᠠᠬᠤ ᠬᠡᠷᠡᠭᠲᠡᠢ ᠬᠡᠵᠡᠢ | ᠃ ᠰᠶᠢᠳᠬᠡᠬᠦ ᠲᠠᠯ᠎ᠠ ᠪᠠᠷ ︽ᠠᠭᠤᠴᠢᠯᠠᠬᠤ ᠪᠣᠯᠪᠠᠴᠤ ᠳᠤᠷ᠎ᠠ ᠪᠠᠷ ᠨᠢ ᠲᠠᠯᠪᠢᠬᠤ ᠦᠭᠡᠢ︾ ᠪᠠᠶᠢᠬᠤ ᠶᠢ ᠪᠠᠷᠢᠮᠲᠠᠯᠠᠵᠤ | ᠂ ᠪᠡᠶᠡᠴᠢ ᠲᠠᠯ᠎ᠠ ᠶᠢᠨ ᠬᠤᠣᠷᠳᠦ ᠴᠢᠨᠠᠷ ᠨᠢ ᠶᠡᠭᠡ᠂ ᠬᠤᠣᠷ ᠬᠥᠨᠥᠭᠡᠯ ᠨᠢ ᠬᠦᠨᠳᠦ ᠨᠣᠴᠢᠲᠠᠢ᠂ ᠢᠯᠠᠩᠭᠤᠶ᠎ᠠ | ᠣᠯᠠᠨᠲᠠ ᠰᠤᠷᠭᠠᠪᠠᠴᠤ ᠵᠠᠰᠠᠷᠠᠬᠤ ᠦᠭᠡᠢ ᠪᠠᠶᠢᠪᠠᠯ᠂ ᠰᠶᠢᠳᠬᠡᠬᠦ ᠶᠣᠰᠣᠲᠠᠢ ᠶᠢ ᠨᠢ ᠬᠠᠤᠯᠢ ᠶᠣᠰᠣᠭᠠᠷ ᠰᠶᠢᠳᠭᠡᠵᠦ᠂ | ᠰᠡᠷᠡᠮᠵᠢᠯᠡᠭᠦᠯᠬᠦ ᠬᠥᠮᠦᠵᠢᠯ ᠤᠨ ᠦᠢᠯᠡᠳᠦᠯ ᠢ ᠪᠠᠳᠠᠷᠠᠭᠤᠯᠵᠤ᠂ ᠬᠤᠣᠷᠯᠠᠭᠳᠠᠭᠴᠢ ᠳᠤ ᠲᠥᠪ ᠭᠤᠣᠯᠴᠢ᠂ ᠨᠡᠶᠢᠭᠡᠮ | ᠨᠡᠶᠢᠲᠡ ᠳᠤ ᠲᠥᠪ ᠭᠤᠣᠯᠴᠢ ᠶᠢ ᠤᠯᠭᠤᠨ᠎ᠠ᠃ | ᠣᠶᠢᠷ᠎ᠠ ᠶᠢᠨ ᠬᠤᠭᠤᠴᠠᠭᠠᠨ ᠳᠤ᠂ ᠪᠦᠬᠦᠯᠢ 12 ᠨᠠᠰᠤ ᠬᠦ᠋ᠷᠦᠭᠡᠳ ᠪᠦᠬᠦᠯᠢ 14 ᠨᠠᠰᠤ ᠬᠦᠷᠦᠭᠡᠳᠦᠢ | ᠨᠠᠰᠤᠨ ᠳᠤ ᠥᠯᠥ ᠬᠦᠷᠦᠭᠰᠡᠳ ᠬᠥᠮᠥᠨ ᠠᠯᠠᠭᠰᠠᠨ᠂ ᠪᠤᠰᠤᠳ ᠢ ᠬᠦᠨᠳᠦ ᠰᠢᠷᠬᠠᠲᠤᠭᠤᠯᠤᠭᠰᠠᠨ ᠶᠠᠯᠠᠲᠤ | ᠠᠵᠢᠯᠯᠠᠭ᠎ᠠ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠲᠤᠬᠠᠢ ᠶᠠᠷᠢᠯᠴᠠᠭ᠎ᠠ ᠨᠢ ᠬᠥᠮᠥᠰ ᠤᠨ ᠠᠩᠬᠠᠷᠤᠯ ᠢ | ᠶᠡᠬᠡᠳᠡ ᠲᠠᠲᠠᠵᠠᠢ᠃ ᠣᠳᠣᠬᠠᠨ ᠪᠣᠯᠲᠠᠯ᠎ᠠ᠂ ᠠᠷᠠᠳ ᠤᠨ ᠰᠢᠭᠦᠬᠦ ᠬᠤᠷᠢᠶ᠎ᠠ ᠡᠶᠢᠮᠦᠷᠬᠦ ᠬᠡᠷᠡᠭ ᠢ ᠨᠡᠶᠢᠲᠡ 4 ᠬᠤᠪᠢ | 4 ᠬᠦᠮᠦᠨ ᠢ ᠰᠢᠭᠦᠨ ᠳᠠᠰᠤᠯᠵᠤ᠂ ᠶᠠᠯ᠎ᠠ ᠬᠢᠭᠰᠡᠳ ᠤᠨ ᠨᠠᠰᠤ ᠨᠢ 12 ᠠᠴᠠ 13 ᠨᠠᠰᠤᠨ ᠤ ᠬᠤᠭᠤᠷᠣᠨᠳᠤ | ᠪᠠᠶᠢᠵᠤ᠂ ᠬᠠᠤᠯᠢ ᠶᠣᠰᠣᠭᠠᠷ 10 ᠠᠴᠠ 15 ᠵᠢᠯ ᠤᠨ ᠬᠤᠭᠤᠴᠠᠭ᠎ᠠ ᠲᠠᠢ ᠬᠤᠷᠢᠬᠤ ᠪᠠᠷ ᠰᠶᠢᠳᠬᠡᠵᠡᠶ᠃ | ᠬᠡᠦᠬᠡᠳ ᠲᠤ ᠠᠰᠠᠭᠤᠳᠠᠯ ᠤᠷᠤᠰᠢᠵᠤ ᠪᠠᠶᠢᠭ᠎ᠠ ᠨᠢ ᠭᠡᠷ ᠪᠦᠯᠢ ᠨᠡᠶᠢᠭᠡᠮ ᠤᠨ ᠤᠯᠠᠨ ᠵᠦᠢᠯ ᠤᠨ | ᠡᠯᠧᠮᠧᠨ᠋ᠲ ᠤᠨ ᠶᠡᠷᠦᠩᠬᠡᠶᠢᠯᠡᠭᠰᠡᠨ ᠨᠥᠯᠥᠭᠡ ᠠᠴᠠ ᠪᠣᠯᠤᠭᠰᠠᠨ ᠶᠤᠮ᠃ ᠤᠷᠤᠭ ᠭᠡᠷ ᠪᠦᠯᠢ ᠶᠢᠨ ᠶᠠᠪᠤᠳᠠᠯ᠂ | ᠡᠷᠬᠡ ᠳᠤ ᠬᠠᠯᠳᠠᠭᠰᠠᠨ ᠵᠡᠷᠭᠡ ᠬᠡᠷᠡᠭ ᠢ ᠰᠢᠭᠦᠬᠦ ᠳᠤ ᠬᠢᠨᠠᠨ ᠬᠠᠮᠠᠭᠠᠯᠠᠬᠤ ᠬᠠᠷᠢᠭᠤᠴᠠᠯᠭ᠎ᠠ ᠪᠠ ᠰᠤᠷᠭᠠᠨ | ᠬᠥᠮᠥᠵᠢᠭᠦᠯᠵᠦ ᠬᠥᠲᠥᠯᠥᠨ ᠵᠢᠯᠤᠭᠤᠳᠬᠤ ᠠᠵᠢᠯ ᠢ ᠴᠢᠬᠤᠯᠠᠴᠢᠯᠠᠨ ᠴᠢᠩᠭᠠᠳᠬᠠᠵᠤ᠂ ᠡᠴᠢᠭᠡ ᠡᠬᠡ ᠶᠢ ᠬᠥᠲᠥᠯᠥᠨ | ᠵᠢᠯᠤᠭᠤᠳᠴᠤ ᠪᠠᠶᠢᠭᠠᠳ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠨᠢ ᠬᠠᠤᠯᠢ ᠶᠣᠰᠣᠭᠠᠷ ᠭᠦᠢᠴᠡᠳᠬᠡᠯᠭᠡᠬᠦ | ᠬᠡᠷᠡᠭᠲᠡᠢ᠃ ᠡᠭᠦᠨ ᠠᠴᠠ ᠭᠠᠳᠠᠨ᠎ᠠ᠂ ︽ᠠᠰᠠᠭᠤᠳᠠᠯ ᠲᠠᠢ ᠪᠠᠭᠠᠴᠤᠳ︾ ᠢ ᠬᠥᠮᠥᠵᠢᠭᠦᠯᠦᠨ ᠵᠠᠯᠠᠷᠠᠭᠤᠯᠤᠨ ᠵᠠᠰᠠᠬᠤ | ᠶᠠᠪᠤᠴᠠ ᠶᠢ ᠬᠡᠶᠢᠰᠪᠦᠷᠢᠴᠢᠯᠡᠵᠦ᠂ ᠶᠡᠭᠡ ᠬᠡᠮᠵᠢᠶᠡᠨ ᠤ ᠨᠠᠰᠤᠨ ᠳᠤ ᠥᠯᠥ ᠭᠦᠷᠦᠭᠰᠡᠳ ᠬᠠᠤᠯᠢ ᠶᠢ ᠵᠥᠷᠢᠴᠡᠭᠰᠡᠨ ᠤ | ᠳᠠᠷᠠᠭ᠎ᠠ ᠬᠢᠨᠠᠨ ᠬᠠᠮᠢᠶᠠᠷᠬᠤ ᠴᠢᠳᠠᠪᠤᠷᠢ ᠦᠭᠡᠢ᠂ ᠵᠠᠯᠠᠷᠠᠭᠤᠯᠤᠨ ᠵᠠᠰᠠᠬᠤ ᠶᠠᠪᠤᠳᠠᠯ ᠨᠢ ᠬᠡᠢ ᠬᠤᠭᠤᠰᠤᠨ ᠪᠠᠶᠢᠳᠠᠯ ᠳᠤ | ᠣᠷᠣᠰᠢᠵᠤ᠂ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠨ ᠳᠠᠬᠢᠨ ᠬᠢᠵᠦ᠂ ᠡᠴᠦᠰ ᠲᠡᠭᠡᠨ ᠮᠠᠭᠤ | ᠦᠷ᠎ᠡ ᠳ᠋ᠦᠩ ᠭᠠᠷᠭᠠᠵᠤ ᠶᠠᠯᠠᠳᠦ ᠠᠵᠢᠯᠯᠠᠭ᠎ᠠ ᠪᠣᠯᠵᠤ ᠪᠦᠷᠢᠯᠳᠦᠵᠡᠢ᠃ ᠵᠢᠱᠢᠶᠡᠯᠡᠪᠡᠯ ᠨᠢᠭᠡᠨ ᠬᠡᠷᠡᠭ ᠲᠤ | ᠵᠠᠭᠠᠯᠳᠤᠭᠳᠠᠭᠴᠢ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠲᠠᠪᠤ ᠤᠳᠠᠭ᠎ᠠ ᠵᠠᠰᠠᠭ ᠵᠠᠬᠢᠷᠭᠠᠨ ᠢᠶᠠᠷ ᠲᠦᠷ | ᠬᠤᠷᠢᠭᠳᠠᠭᠰᠠᠨ ᠪᠣᠯᠪᠠᠴᠤ ᠴᠥᠮ ᠪᠣᠳᠠᠲᠠᠢ ᠪᠠᠷ ᠭᠦᠢᠴᠡᠳᠬᠡᠭᠰᠡᠨ ᠦᠭᠡᠢ᠃ ᠪᠠᠭ᠎ᠠ ᠨᠠᠰᠤᠨ ᠤ ᠨᠠᠰᠤᠨ ᠳᠤ ᠦᠯᠦ | ᠬᠦᠷᠦᠭᠰᠡᠳ ᠢ ᠲᠤᠰᠬᠠᠶᠢᠯᠠᠨ ᠵᠠᠯᠠᠷᠠᠭᠤᠯᠤᠨ ᠵᠠᠰᠠᠬᠤ ᠪᠠᠶᠢᠭᠤᠯᠤᠮᠵᠢ ᠶᠢᠨ ᠬᠦᠴᠦᠨ ᠪᠠᠭᠤᠷᠠᠢ ᠪᠠᠶᠢᠬᠤ ᠪᠠᠶᠢᠳᠠᠯ ᠢ | ᠲᠦᠷᠭᠡᠬᠡᠨ ᠬᠤᠪᠢᠷᠠᠭᠤᠯᠵᠤ᠂ ᠲᠤᠰᠬᠠᠢ ᠰᠤᠷᠭᠠᠭᠤᠯᠢ ᠶᠢᠨ ᠪᠠᠶᠢᠭᠤᠯᠤᠯᠲᠠ ᠶᠢ ᠲᠦᠷᠭᠡᠳᠬᠡᠨ᠂ ᠪᠠᠭᠠᠴᠤᠳ ᠤᠨ | ᠬᠠᠤᠯᠢ ᠴᠠᠭᠠᠵᠠ ᠶᠢᠨ ᠪᠡᠶ᠎ᠡ ᠪᠠᠨ ᠳᠠᠭᠠᠭᠠᠭᠰᠠᠨ ᠰᠢᠰᠲ᠋ᠧᠮ ᠢ ᠪᠠᠶᠢᠭᠤᠯᠬᠤ ᠶᠢ ᠠᠯᠬᠤᠮ ᠠᠯᠬᠤᠮ ᠢᠶᠠᠷ ᠲᠦᠯᠬᠢᠨ | ᠠᠬᠢᠭᠤᠯᠵᠤ᠂ ᠨᠡᠶᠢᠭᠡᠮ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠤᠭᠰᠠᠨ ᠪᠣᠯᠪᠠᠴᠤ ᠡᠷᠡᠭᠦᠦ ᠶᠢᠨ ᠶᠠᠯ᠎ᠠ | ᠪᠣᠯᠵᠤ ᠪᠦᠷᠢᠯᠳᠦᠭᠰᠡᠨ ᠦᠭᠡᠢ ᠨᠠᠰᠤᠨ ᠳᠤ ᠦᠯᠦ ᠬᠦᠷᠦᠭᠰᠡᠳ ᠲᠤ ᠪᠠᠶᠢᠪᠠᠰᠤ ᠵᠣᠬᠢᠬᠤ ᠵᠠᠯᠠᠷᠠᠭᠤᠯᠤᠨ ᠵᠠᠰᠠᠬᠤ | ᠬᠥᠮᠦᠵᠢᠯ ᠬᠦᠷᠲᠡᠭᠡᠬᠦ ᠬᠡᠷᠡᠭᠲᠡᠢ᠃ | ︵︽ᠳᠤᠮᠳᠠᠳᠤ ᠤᠯᠤᠰ ᠤᠨ ᠮᠤᠩᠭᠤᠯ ᠭᠡᠯᠡᠨ ᠤ ᠰᠤᠨᠢᠨ ᠮᠡᠳᠡᠭᠡ ᠶᠢᠨ ᠰᠦᠯᠵᠢᠶ᠎ᠠ︾ ᠠᠴᠠ︶ |