ᠣᠮᠠᠷᠡᠳᠣ ᠬᠢᠯᠢ ᠶᠢᠨ ᠰᠣᠶᠣᠯ —— ︽ᠯᠾᠠᠰᠦ᠋ᠷᠤᠩ ᠬᠤᠨᠳᠠᠭᠠᠳᠥ︾ ᠪᠤᠳᠠᠰ ᠤᠨ ᠪᠤᠰᠥ ᠰᠤᠶᠤᠯ ᠤᠨ ᠦᠪ ᠤᠨ ᠮᠤᠩᠭᠤᠯ ᠤᠷᠳᠥ ᠶᠢᠨ ᠳᠠᠭᠤᠤ ᠶᠢᠨ ᠤᠷᠤᠯᠳᠤᠭᠠᠨ ᠤᠯᠠᠨ ᠤ ᠲᠠᠭᠠᠰᠢᠶᠠᠯ ᠢ ᠤᠯᠪᠠ
ᠨᠡᠶᠢᠲᠡᠯᠡᠭᠰᠡᠨ ᠴᠠᠭ᠄
2024/8/20
       8 ᠰᠠᠷ᠎ᠠ ᠶᠢᠨ 17 ᠤ ᠡᠳᠥᠷ᠂ ᠬᠤᠶᠠᠳᠤᠭᠠᠷ ᠬᠤᠭᠤᠴᠠᠭᠠᠨ ᠤ ︽ᠯᠾᠠᠰᠦ᠋ᠷᠤᠩ ᠬᠤᠨᠳᠠᠭᠠᠳᠥ︾ ᠪᠤᠳᠠᠰ ᠤᠨ ᠪᠤᠰᠥ ᠰᠤᠶᠤᠯ ᠤᠨ ᠦᠪ ᠤᠨ ᠮᠤᠩᠭᠤᠯ ᠤᠷᠳᠥ ᠶᠢᠨ ᠳᠠᠭᠤᠤ ᠶᠢᠨ ᠤᠷᠤᠯᠳᠤᠭᠠᠨ ᠤ ᠰᠶᠢᠳᠪᠤᠷᠢᠳᠥ ᠤᠷᠤᠯᠳᠤᠭᠠᠨ ᠪᠠ ᠱᠠᠩᠨᠠᠯ ᠤᠯᠭᠤᠬᠤ ᠶᠤᠰᠤᠯᠠᠯ ᠬᠢᠨᠭ᠍ᠭᠠᠨ ᠠᠶᠢᠮᠠᠭ ᠤᠨ ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤᠨ ᠤ ᠰᠤᠶᠤᠯ ᠤᠬᠠᠭᠤᠯᠭ᠎ᠠ ᠶᠢᠨ ᠲᠦᠪ ᠲᠤ ᠠᠰᠢᠳᠠᠢ ᠰᠠᠶᠢᠬᠠᠨ ᠶᠠᠪᠤᠭᠳᠠᠪᠠ᠃      ᠤᠷᠤᠯᠳᠤᠭᠠᠨ ᠤ ᠠᠬᠤᠢ ᠳᠠᠯᠠᠪᠠᠢ ᠳᠤ᠂ ᠳᠤᠮᠳᠠᠳᠥ ᠤᠯᠤᠰ ᠪᠠ ᠮᠤᠩᠭᠤᠯ ᠤᠯᠤᠰ ᠠᠴᠠ ᠢᠷᠡᠭᠰᠡᠨ ᠮᠤᠩᠭᠤᠯ ᠤᠷᠳᠥ ᠶᠢᠨ ᠳᠠᠭᠤᠤ ᠶᠢᠨ ᠤᠷᠤᠯᠳᠤᠭᠴᠢᠳ ᠤᠷᠬᠢᠯᠥᠮ᠎ᠡ ᠬᠠᠯᠠᠭᠤᠨ ᠬᠠᠶᠢᠷ᠎ᠠ ᠰᠡᠳᠬᠢᠯᠭᠡ ᠪᠠᠷ ᠠᠶ᠎ᠠ ᠳᠠᠭᠤᠤ ᠪᠠᠨ ᠡᠷᠬᠦᠨ᠂ ᠦᠵᠡᠭᠴᠢᠳ ᠪᠠ ᠬᠢᠨᠠᠭᠴᠢ ᠪᠠᠭᠰᠢ ᠶᠢᠨ ᠬᠦᠷᠢᠶᠡᠯᠡᠯ ᠢ ᠤᠯᠤᠭᠰᠠᠨ ᠪᠠᠶᠢᠨ᠎ᠠ᠃      ᠤᠷᠤᠯᠳᠤᠭᠠᠨ ᠢ ᠰᠢᠭᠰᠢᠭᠡ ᠤᠷᠤᠯᠳᠤᠭᠠᠨ᠂ ᠬᠠᠭᠠᠰ ᠰᠶᠢᠳᠪᠤᠷᠢᠳᠥ ᠤᠷᠤᠯᠳᠤᠭᠠᠨ᠂ ᠰᠶᠢᠳᠪᠤᠷᠢᠳᠥ ᠤᠷᠤᠯᠳᠤᠭᠠᠨ ᠭᠡᠵᠤ ᠠᠯᠬᠤᠮ ᠲᠠᠷᠠᠭ᠎ᠠ ᠲᠠᠢ ᠶᠠᠪᠤᠬᠳᠠᠭᠤᠯᠤᠬᠰᠠᠨ ᠪᠦᠭᠡᠳ ᠲᠤᠰᠬᠠᠢ ᠮᠡᠷᠭᠡᠵᠢᠯ ᠤᠨ ᠳᠠᠭᠤᠴᠢᠨ ᠤ ᠳᠤᠭᠤᠶᠢᠯᠠᠩ᠂ ᠠᠵᠢᠯ ᠤᠨ ᠴᠢᠯᠥᠭᠡᠨ ᠤ ᠳᠠᠭᠤᠴᠢᠨ ᠤ ᠳᠤᠭᠤᠶᠢᠯᠠᠩ᠂ ᠪᠦᠯᠬᠦᠮ ᠨᠢᠭᠡᠴᠢ ᠶᠢᠨ ᠳᠤᠭᠤᠶᠢᠯᠠᠩ ᠵᠢᠴᠢ ᠬᠡᠥᠭᠡᠳ ᠤᠨ ᠳᠤᠭᠤᠶᠢᠯᠠᠩ ᠭᠡᠵᠤ ᠲᠦᠷᠪᠡᠨ ᠳᠤᠭᠤᠶᠢᠯᠠᠩ ᠬᠤᠪᠢᠶᠠᠨ ᠨᠢᠵᠢᠬᠢᠷ ᠰᠠᠶᠢᠬᠠᠨ ᠶᠠᠪᠤᠭᠳᠠᠭᠤᠯᠵᠠᠢ᠃ ᠲᠤᠰ ᠤᠳᠠᠭ᠎ᠠ ᠡᠩᠭᠡᠪᠠᠶᠠᠷ ᠲᠤᠰᠬᠠᠢ ᠮᠡᠷᠭᠡᠵᠢᠯ ᠤᠨ ᠳᠠᠭᠤᠴᠢᠨ ᠤ ᠳᠤᠭᠤᠶᠢᠯᠠᠩ ᠳᠤ ᠳᠡᠷᠢᠬᠦᠯᠡᠵᠤ᠂ ᠠᠶᠤᠤᠷᠰᠠᠨᠠᠭ᠎ᠠ ᠠᠵᠢᠯ ᠤᠨ ᠴᠢᠯᠥᠭᠡᠨ ᠤ ᠳᠠᠭᠤᠴᠢᠨ ᠤ ᠳᠤᠭᠤᠶᠢᠯᠠᠩ ᠳᠤ ᠳᠡᠷᠢᠬᠦᠯᠡᠵᠤ᠂ ᠲᠦᠬᠦᠷᠡᠩᠵᠠᠨ᠎ᠠ ᠬᠠᠮᠳᠤᠯᠢᠭ ᠪᠦᠯᠬᠦᠮ ᠨᠢᠭᠡᠴᠢ ᠶᠢᠨ ᠳᠤᠭᠤᠶᠢᠯᠠᠩ ᠳᠤ ᠳᠡᠷᠢᠬᠦᠯᠡᠵᠤ᠂ ᠠᠶᠠᠰ ᠬᠡᠥᠭᠡᠳ ᠤᠨ ᠳᠤᠭᠤᠶᠢᠯᠠᠩ ᠳᠤ ᠲᠡᠷᠢᠭᠦᠯᠡᠵᠠᠢ᠃ ᠤᠷᠠᠯᠢᠭᠴᠢᠨ ᠪᠠᠭᠰᠢ ᠨᠠᠷ ᠪᠠ ᠮᠤᠩᠭᠤᠯ ᠤᠷᠳᠥ ᠶᠢᠨ ᠳᠠᠭᠤᠤ ᠶᠢᠨ ᠪᠤᠳᠠᠰ ᠤᠨ ᠪᠤᠰᠥ ᠰᠤᠶᠤᠯ ᠤᠨ ᠦᠪ ᠤᠨ ᠦᠪᠯᠡᠨ ᠤᠯᠠᠮᠵᠢᠯᠠᠭᠴᠢ ᠮᠤᠩᠭᠤᠯ ᠤᠷᠳᠥ ᠶᠢᠨ ᠳᠠᠭᠤᠤ ᠶᠢ ᠬᠠᠮᠠᠭᠠᠯᠠᠵᠤ ᠬᠦᠭᠵᠢᠬᠦᠯᠬᠦ ᠳᠤᠬᠠᠢ ᠤᠯᠤᠯᠳᠠ ᠲᠦᠷᠥᠭᠳᠡᠯ ᠢᠶᠠᠨ ᠬᠤᠪᠢᠶᠠᠯᠴᠠᠭᠰᠠᠨ ᠪᠠᠶᠢᠨ᠎ᠠ᠃   ︵ᠤᠷᠠᠨᠳᠤᠳᠢ   ᠰᠠᠷᠠᠨ᠎ᠠ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号